ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ ﹇2021﹈ 69 ᠳ᠋ᠦ᠋ᠭᠡᠷ ᠲᠣᠭᠠᠲᠤ
ᠥᠪᠡᠷᠲᠡᠭᠡᠨ ᠵᠠᠰᠠᠬᠤ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠬᠢᠭᠡᠳ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠵᠢᠯᠲᠠᠨ ᠠᠵᠢᠯᠴᠢᠨ ᠤ ᠴᠠᠯᠢᠩ ᠤᠨ ᠬᠢᠷᠢ ᠲᠦᠪᠰᠢᠨ ᠤ ᠨᠡᠮᠡᠭᠳᠡᠯ ᠵᠡᠷᠭᠡ ᠪᠠᠶᠢᠳᠠᠯ ᠢ ᠦᠨᠳᠦᠰᠦᠯᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠶᠠᠷ ᠬᠢᠨᠠᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠭᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄
ᠨᠢᠭᠡ᠂ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠭᠠᠵᠠᠷ ᠣᠷᠣᠨ ᠤ ᠲᠥᠷᠥᠯ ᠢᠯᠭᠠᠯ᠃ ᠪᠥᠬᠦ ᠣᠷᠣᠨ ᠤ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠶᠢᠨ ᠭᠠᠵᠠᠷ ᠣᠷᠣᠨ ᠤ ᠲᠥᠷᠥᠯ ᠢᠯᠭᠠᠯ ᠢ ᠣᠲᠣ ᠶᠢᠨ ᠬᠡᠷᠡᠭᠵᠢᠭᠦᠯᠵᠦ ᠪᠠᠶᠢᠭ᠎ᠠ ᠳᠥᠷᠪᠡᠨ ᠲᠥᠷᠥᠯ ᠤᠨ ᠭᠠᠵᠠᠷ ᠣᠷᠣᠨ ᠪᠠᠢᠭᠰᠠᠨ ᠢ ᠭᠤᠷᠪᠠᠨ ᠲᠥᠷᠥᠯ ᠤᠨ ᠭᠠᠵᠠᠷ ᠣᠷᠣᠨ ᠪᠣᠯᠭᠠᠵᠤ ᠳᠣᠭᠢᠷᠠᠭᠤᠯᠤᠨ᠎ᠠ᠃ ᠪᠦᠬᠦ ᠣᠷᠣᠨ ᠤ ᠡᠯ᠎ᠡ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠬᠤᠲᠠ ᠪᠠᠯᠭᠠᠰᠤᠨ ᠤ ᠨᠢᠭᠡᠴᠢ ᠶᠢᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠪᠣᠯᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢᠨ ᠭᠠᠵᠠᠷ ᠣᠷᠣᠨ ᠤ ᠲᠥᠷᠥᠯ ᠢᠯᠭᠠᠯ ᠳᠤ ᠰᠢᠨ᠎ᠡ ᠪᠠᠷ ᠲᠣᠬᠢᠷᠠᠭᠤᠯᠤᠯᠲᠠ ᠬᠢᠵᠦ ᠬᠤᠪᠢᠶᠠᠷᠢᠯᠠᠨ᠎ᠠ᠃ ᠭᠠᠵᠠᠷ ᠣᠷᠣᠨ ᠤ ᠲᠥᠷᠥᠯ ᠢᠯᠭᠠᠯ ᠪᠠ ᠲᠣᠬᠢᠷᠠᠭᠤᠯᠤᠨ ᠬᠡᠷᠡᠭᠯᠡᠬᠦ ᠪᠠᠷᠢᠮᠵᠢᠶ᠎ᠠ ᠶᠢ ᠳᠠᠭᠠᠯᠳᠤᠭᠤᠯᠤᠯ ᠳᠤ ᠨᠠᠷᠢᠨ ᠦᠵᠡᠭᠡᠷᠡᠶ᠃
ᠬᠤᠶᠠᠷ᠂ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠬᠥᠳᠡᠯᠮᠦᠷᠢᠯᠡᠭᠴᠢᠳ ᠤᠨ ᠰᠠᠷ᠎ᠠ ᠶᠢᠨ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠪᠣᠯ 1980 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ ᠪᠣᠯ 1910 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠪᠣᠯ 1850 ᠲᠥᠭᠦᠷᠢᠭ ᠪᠣᠯᠣᠨ᠎ᠠ︔ ᠪᠦᠬᠦᠯᠢ ᠡᠳᠦᠷ ᠤᠨ ᠪᠣᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠪᠣᠯ 20.8 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ ᠪᠣᠯ 20.1 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠪᠣᠯ 19.5 ᠲᠥᠭᠦᠷᠢᠭ ᠪᠣᠯᠣᠨ᠎ᠠ᠃
ᠭᠤᠷᠪᠠ᠂ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠳᠤ ᠦᠨᠳᠦᠰᠦᠨ ᠨᠠᠰᠤᠵᠢᠯ ᠤᠨ ᠳᠠᠭᠠᠳᠬᠠᠯ ᠤᠨ ᠮᠥᠩᠭᠦ᠂ ᠡᠮᠴᠢᠯᠡᠭᠡ ᠶᠢᠨ ᠳᠠᠭᠠᠳᠬᠠᠯ ᠤᠨ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠲᠤᠰᠢᠶᠠᠬᠤ ᠬᠡᠰᠡᠭ ᠪᠠᠭᠲᠠᠨ᠎ᠠ︔ ᠠᠵᠢᠯᠯᠠᠬᠤ ᠴᠠᠭ ᠢ ᠤᠷᠲᠤᠳᠬᠠᠭᠰᠠᠨ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠳᠣᠣᠷ᠎ᠠ ᠬᠠᠯᠠᠭᠤᠨ᠂ ᠬᠤᠳᠳᠤᠭ ᠳᠣᠲᠣᠷ᠎ᠠ᠂ ᠬᠤᠣᠷᠳᠠᠭᠳᠠᠬᠤ ᠠᠶᠤᠯ ᠲᠠᠢ ᠵᠡᠷᠭᠡ ᠣᠨᠴᠠᠭᠠᠢ ᠨᠥᠬᠦᠴᠡᠯ ᠳᠤ ᠠᠵᠢᠯᠯᠠᠬᠤ ᠨᠡᠮᠡᠭᠦᠷᠢ ᠮᠥᠩᠭᠦ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ ᠬᠥᠳᠡᠯᠮᠦᠷᠢᠴᠢᠨ ᠤ ᠠᠰᠠᠷᠠᠮᠵᠢ ᠬᠠᠷᠠᠭᠠᠯᠵᠠᠯ ᠵᠡᠷᠭᠡ ᠶᠢ ᠪᠠᠭᠲᠠᠭᠠᠬᠤ ᠦᠭᠡᠢ᠃
ᠳᠥᠷᠪᠡ᠂ ᠪᠦᠬᠦᠯᠢ ᠡᠳᠦᠷ ᠤᠨ ᠳᠦᠷᠢᠮᠲᠦ ᠠᠵᠢᠯ ᠲᠠᠢ ᠬᠥᠳᠡᠯᠮᠦᠷᠢᠯᠡᠭᠴᠢᠳ ᠬᠡᠪ ᠤᠨ ᠬᠥᠳᠡᠯᠮᠦᠷᠢ ᠬᠠᠩᠭᠠᠭᠰᠠᠨ ᠪᠠᠶᠢᠳᠠᠯ ᠳᠤᠤᠷ᠎ᠠ᠂ ᠬᠥᠮᠦᠨ ᠬᠡᠷᠡᠭᠯᠡᠬᠦ ᠨᠢᠭᠡᠴᠢ ᠨᠢ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠪᠠᠷ ᠴᠠᠯᠢᠩ ᠢ ᠨᠢ ᠣᠯᠭᠤᠬᠤ ᠬᠡᠷᠡᠭᠲᠡᠶ︔ ᠪᠦᠬᠦᠯᠢ ᠡᠳᠦᠷ ᠤᠨ ᠪᠤᠰᠤ ᠳᠦᠷᠢᠮᠲᠦ ᠠᠵᠢᠯ ᠲᠠᠢ ᠬᠥᠳᠡᠯᠮᠦᠷᠢᠴᠢᠨ ᠳᠤ ᠬᠥᠮᠦᠨ ᠬᠡᠷᠡᠭᠯᠡᠬᠦ ᠨᠢᠭᠡᠴᠢ ᠶᠢᠨ ᠣᠯᠭᠤᠬᠤ ᠵᠣᠭᠤᠰᠣᠨ ᠴᠠᠯᠢᠩ ᠨᠢ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠨᠢᠭᠡᠴᠢ ᠶᠢᠨ ᠬᠠᠤᠯᠢ ᠶᠣᠰᠣᠭᠠᠷ ᠲᠤᠰᠢᠶᠠᠬᠤ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠥᠮᠦᠨ ᠬᠡᠷᠡᠭᠯᠡᠬᠦ ᠨᠢᠭᠡᠴᠢ ᠨᠢ ᠲᠣᠭᠲᠠᠭᠠᠯ ᠶᠣᠰᠣᠭᠠᠷ ᠲᠤᠰ ᠲᠤ ᠨᠢ ᠣᠯᠭᠤᠬᠤ ᠬᠡᠷᠡᠭᠲᠡᠢ᠃ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠬᠥᠮᠦᠨ ᠬᠡᠷᠡᠭᠯᠡᠬᠦ ᠨᠢᠭᠡᠴᠢ ᠪᠦᠬᠦᠨ ᠬᠥᠳᠡᠯᠮᠦᠷᠢ ᠬᠦᠴᠦ ᠬᠡᠷᠡᠭᠯᠡᠬᠦ ᠰᠦᠯᠵᠢᠶᠡᠨ ᠳᠠᠬᠢ ᠳᠠᠩᠰᠠᠯᠠᠭᠤᠯᠬᠤ ᠰᠢᠰᠲ᠋ᠧᠮ ᠢᠶᠠᠷ ᠴᠠᠭ ᠲᠤᠬᠠᠶ ᠳᠤ ᠨᠢ ᠲᠠᠭᠯᠠᠨ ᠮᠡᠳᠡᠭᠦᠯᠬᠦ ᠬᠡᠷᠡᠭᠲᠡᠶ᠃
ᠲᠠᠪᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠪᠣᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠶᠢ 2021 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠥᠪᠡᠷᠲᠡᠭᠡᠨ ᠵᠠᠰᠠᠬᠤ ᠣᠷᠣᠨ ᠤ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠵᠢᠴᠢ ᠪᠦᠬᠦᠯᠢ ᠡᠳᠦᠷ ᠤᠨ ᠪᠣᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠤᠤᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 135 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃
ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠳᠤᠤᠷ᠎ᠠ ᠴᠠᠯᠢᠩ ᠤᠨ ᠭᠠᠵᠠᠷ ᠣᠷᠣᠨ ᠤ ᠲᠥᠷᠥᠯ ᠢᠯᠭᠠᠯ ᠪᠠ ᠪᠠᠷᠢᠮᠵᠢᠶ᠎ᠠ ᠶᠢᠨ ᠬᠦᠰᠦᠨᠦᠭᠲᠦ
2021 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶