|
2021 ᠣᠨ ᠤ ᠳᠥᠷᠪᠡᠳᠦᠭᠡᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ | ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠮᠡᠳᠡᠭᠡᠯᠡᠯ |
|
|
ᠨᠡᠶᠢᠲᠡᠯᠡᠭᠰᠡᠨ ᠴᠠᠭ᠄
2022/1/4
|
|
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠶᠢᠨ ᠠᠯᠪᠠᠨ ᠬᠡᠷ ᠲᠤ᠄ ︽ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠴᠠᠭᠠᠬᠤ ᠭᠦᠢᠴᠡᠳᠬᠡᠯ ᠲᠤᠭ᠎ᠠ᠂ ᠬᠢᠨᠠᠨ ᠬᠠᠮᠢᠶᠠᠷᠬᠤ ᠠᠵᠢᠯ ᠤᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠨᠠᠷᠢᠨ ᠪᠢᠴᠢᠭ ᠤᠨ ᠲᠣᠪᠴᠢᠶ᠎ᠠ ᠶᠢᠨ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2021 ᠣᠨ ᠤ ᠳᠥᠷᠪᠡᠳᠦᠭᠡᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠮᠡᠳᠡᠭᠳᠡᠪᠡ᠄ ᠨᠢᠭᠡ᠂ ᠠᠵᠢᠯ ᠥᠷᠨᠢᠭᠦᠯᠦᠭᠰᠡᠨ ᠪᠠᠶᠢᠳᠠᠯ ︵ᠨᠢᠭᠡ︶ 2021 ᠣᠨ ᠤ ᠭᠤᠷᠪᠠᠳᠤᠭᠠᠷ ᠤᠯᠠᠷᠢᠯ ᠤᠨ ᠠᠰᠠᠭᠤᠳᠠᠯ ᠢ ᠴᠡᠭᠴᠡᠯᠡᠨ ᠥᠭᠡᠷᠡᠴᠢᠯᠡᠭᠰᠡᠨ ᠪᠠᠶᠢᠳᠠᠯ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠪᠲᠠᠨ ᠪᠠᠶᠢᠴᠠᠭᠠᠭᠰᠠᠨ ᠢᠶᠠᠷ᠂ 2021 ᠣᠨ ᠤ ᠭᠤᠷᠪᠠᠳᠤᠭᠠᠷ ᠤᠯᠠᠷᠢᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠬᠢᠷᠢ ᠲᠡᠩᠴᠡᠭᠰᠡᠨ ᠦᠭᠡᠶ 5 ᠵᠠᠰᠠᠭ ᠤᠨ ᠣᠷᠳᠣᠨ ᠤ ᠰᠦᠯᠵᠢᠶ᠎ᠡ᠂ ᠬᠢᠷᠢ ᠲᠡᠩᠴᠡᠭᠰᠡᠨ ᠦᠭᠡᠶ 187 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ᠂ ︽ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︾ ᠶᠢᠨ ᠰᠦᠯᠵᠢᠶ᠎ᠡ᠂ ︽ᠪᠠᠯᠠᠭᠠᠷ ᠭᠤᠤᠯ ᠪᠠᠯᠭᠠᠰᠤᠨ ᠤ ᠲᠣᠮᠢᠯᠠᠭᠰᠠᠨ ᠰᠠᠯᠪᠤᠷᠢ︾ ᠶᠢᠨ ᠸᠢᠴᠠᠲ ᠤᠨ ᠨᠡᠶᠢᠲᠡ ᠶᠢᠨ ᠳ᠋ᠤᠭᠠᠷ᠂ ︽ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠰᠧ ᠳ᠋ᠤᠤ ᠸᠠᠨ ᠽᠢ︾ ᠰᠢᠨ ᠯᠠᠩ ᠪᠢᠴᠢᠯ ᠪᠦᠷᠭᠡ ᠶᠢᠨ ᠳ᠋ᠤᠭᠠᠷ ︵新浪微博︶᠂ ︽ᠠᠮᠢ ᠠᠬᠤᠶᠢᠲᠤ ᠣᠯᠠᠭᠠᠨᠴᠠᠪ︾ ︵生态乌兰察布︶ ᠥᠨᠥᠳᠦᠷ ᠤᠨ ᠲᠡᠷᠢᠭᠦᠨ ᠵᠤᠷᠪᠤᠰ ᠤᠨ ᠳ᠋ᠤᠭᠠᠷ ︵今日头条︶ ᠵᠡᠷᠭᠡ 34 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠱᠠᠭᠠᠷᠳᠠᠯᠭ᠎ᠠ ᠶᠣᠰᠣᠭᠠᠷ ᠴᠡᠭᠴᠡᠯᠡᠨ ᠥᠭᠡᠷᠡᠴᠢᠯᠡᠭᠰᠡᠨ ᠥᠬᠡᠶ ᠠᠴᠠ ᠪᠤᠰᠤᠳ 4 ᠵᠠᠰᠠᠭ ᠤᠨ ᠣᠷᠳᠣᠨ ᠤ ᠰᠦᠯᠵᠢᠶ᠎ᠡ ᠪᠠ 153 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠴᠥᠮ ᠴᠡᠭᠴᠡᠯᠡᠨ ᠥᠭᠡᠷᠡᠴᠢᠯᠡᠵᠦ ᠳᠠᠭᠤᠰᠪᠠ᠃ ︵ᠬᠤᠶᠠᠷ︶ 2021 ᠣᠨ ᠤ ᠳᠥᠷᠪᠡᠳᠦᠭᠡᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠳᠤ ᠰᠤᠭᠤᠴᠢᠨ ᠪᠠᠶᠢᠴᠠᠭᠠᠯᠲᠠ ᠬᠢᠭᠰᠡᠨ ᠪᠠᠶᠢᠳᠠᠯ᠃ 2021 ᠣᠨ ᠤ ᠳᠥᠷᠪᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ 534 ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠠᠴᠠ 293 ᠶᠢ ᠰᠤᠭᠤᠴᠢᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢᠨ ᠰᠤᠭᠤᠴᠢᠨ ᠪᠠᠶᠢᠴᠠᠭᠠᠭᠰᠠᠨ ᠬᠠᠷᠢᠴᠠᠯ ᠨᠢ 100% ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠯᠵᠢᠶ᠎ᠡ ᠠᠴᠠ 44 ᠶᠢ ᠪᠠᠶᠢᠴᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠠᠴᠠ 115 ᠶᠢ ᠪᠠᠶᠢᠴᠠᠭᠠᠪᠠ︔ ᠡᠯ᠎ᠡ ᠠᠶᠢᠮᠠᠭ ᠬᠤᠲᠠ ᠶᠢᠨ ᠰᠠᠯᠠᠭ᠎ᠠ ᠮᠥᠴᠢᠷ ᠤᠨ ᠰᠦᠯᠵᠢᠶ᠎ᠡ ᠶᠢᠨ ᠰᠤᠭᠤᠴᠢᠨ ᠪᠠᠶᠢᠴᠠᠭᠠᠭᠰᠠᠨ ᠬᠠᠷᠢᠴᠠᠯ ᠨᠢ 35.73% ᠪᠠᠶᠢᠵᠤ᠂ ᠨᠡᠶᠢᠲᠡ 134 ᠶᠢ ᠰᠤᠭᠤᠴᠢᠨ ᠪᠠᠶᠢᠴᠠᠭᠠᠪᠠ᠃ ᠰᠣᠭᠤᠴᠢᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶ᠎ᠡ 13 ᠪᠠᠶᠢᠵᠤ᠂ ᠰᠣᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 95.56% ᠳᠤ ᠬᠦᠷᠴᠦ᠂ ᠬᠥᠬᠡᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠣᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 100% ᠳᠤ ᠬᠦᠷᠴᠦ᠂ ᠬᠢᠩᠭᠠᠨ ᠠᠶᠢᠮᠠᠭ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠶᠢᠨ ᠬᠢᠷᠢ ᠲᠡᠩᠴᠡᠭᠰᠡᠨ ᠨᠣᠷᠮ᠎ᠠ ᠨᠡᠯᠢᠶᠡᠳ ᠳᠣᠤᠷ᠎ᠠ ᠪᠠᠶᠢᠨ᠎ᠠ᠃ ᠲᠣᠰ ᠤᠳᠠᠭᠠᠨ ᠤ ᠰᠤᠭᠤᠴᠢᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 42.24% ᠶᠢᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠨᠢ 5 ᠠᠵᠢᠯᠯᠠᠬᠤ ᠡᠳᠦᠷ ᠤᠨ ᠳᠣᠲᠣᠷ᠎ᠠ ᠪᠠᠶᠢᠩᠭᠤ ᠳᠣᠬᠢᠶᠠᠯᠳᠤᠬᠤ ᠯᠠᠪᠯᠠᠭ᠎ᠠ ᠳᠤ ᠪᠦᠲᠦᠮᠵᠢᠲᠡᠶ ᠬᠠᠷᠢᠭᠤᠯᠲᠠ ᠥᠭᠴᠦ᠂ 16 ᠫᠣᠷᠲ᠋ᠧᠯ ᠰᠦᠯᠵᠢᠶ᠎ᠡ ᠨᠢ 1 ᠠᠵᠢᠯᠯᠠᠬᠤ ᠡᠳᠦᠷ ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ ᠴᠢᠳᠠᠵᠤ ᠪᠤᠢ᠃ ︵ᠭᠤᠷᠪᠠ︶ 2021 ᠣᠨ ᠤ ᠳᠥᠷᠪᠡᠳᠦᠭᠡᠷ ᠤᠯᠠᠷᠢᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠰᠤᠭᠤᠴᠢᠨ ᠪᠠᠶᠢᠴᠠᠭᠠᠯᠲᠠ ᠬᠢᠭᠰᠡᠨ ᠪᠠᠶᠢᠳᠠᠯ᠃ 2021 ᠣᠨ ᠤ ᠳᠥᠷᠪᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ 5966 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠣᠲᠣᠷ᠎ᠠ ᠠᠴᠠ 2310 ᠶᠢ ᠰᠣᠭᠤᠴᠢᠨ ᠠᠪᠴᠤ ᠪᠠᠶᠢᠴᠠᠭᠠᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠰᠣᠭᠤᠴᠢᠨ ᠪᠠᠶᠢᠴᠠᠭᠠᠯᠲᠠ ᠬᠢᠭᠰᠡᠨ ᠬᠠᠷᠢᠴᠠᠯ ᠨᠢ 80.46%᠂ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠰᠤᠭᠤᠴᠢᠨ ᠪᠠᠶᠢᠴᠠᠭᠠᠯᠲᠠ ᠬᠢᠭᠰᠡᠨ ᠬᠠᠷᠢᠴᠠᠯ ᠨᠢ 35.81% ᠪᠠᠶᠢᠵᠤ᠂ ᠡᠭᠦᠨ ᠳᠤ ᠬᠢᠷᠢ ᠲᠡᠩᠴᠡᠭᠰᠡᠨ ᠥᠬᠡᠶ ᠰᠢᠨ᠎ᠡ ᠵᠠᠭᠤᠴᠢᠯᠠᠭᠤᠷ 152᠂ ᠶᠡᠷᠦᠩᠬᠡᠶ ᠬᠢᠷᠢ ᠲᠡᠩᠴᠡᠭᠰᠡᠨ ᠨᠣᠷᠮ᠎ᠠ ᠨᠢ 93.42% ᠳᠤ ᠬᠦᠷᠴᠦ᠂ ᠭᠤᠷᠪᠠᠳᠤᠭᠠᠷ ᠤᠯᠠᠷᠢᠯ ᠤᠨ ᠬᠢ ᠠᠴᠠ 1.28% ᠪᠠᠷ ᠳᠡᠭᠡᠭᠰᠢᠯᠡᠵᠡᠶ᠃ ᠡᠭᠦᠨ ᠳᠤ ᠦᠬᠠᠶ ᠬᠤᠲᠠ᠂ ᠣᠷᠳᠣᠰ ᠬᠤᠲᠠ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ ᠵᠡᠷᠭᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠭᠰᠡᠨ ᠨᠣᠷᠮ᠎ᠠ ᠨᠢ ᠶᠡᠷᠦᠩᠬᠡᠶ ᠬᠢᠷᠢ ᠲᠡᠩᠴᠡᠭᠰᠡᠨ ᠨᠣᠷᠮ᠎ᠠ ᠠᠴᠠ ᠥᠨᠳᠥᠷ ᠪᠠᠶᠢᠵᠤ᠂ ᠲᠦᠩᠯᠢᠶᠣᠤ ᠬᠤᠲᠠ᠂ ᠪᠠᠶᠠᠨᠨᠠᠭᠤᠷ ᠤᠨ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠭᠰᠡᠨ ᠨᠣᠷᠮ᠎ᠠ ᠨᠡᠯᠢᠶᠡᠳ ᠳᠣᠤᠷ᠎ᠠ ᠪᠠᠶᠢᠨ᠎ᠠ᠃ ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ ︵ᠨᠢᠭᠡ︶ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯᠯᠠᠭᠤᠯᠤᠨ ᠪᠠᠲᠤᠯᠠᠬᠤ ᠬᠠᠮᠢᠶᠠᠷᠤᠯᠲᠠ ᠮᠥᠨ ᠬᠦ ᠭᠦᠢᠴᠡᠳ ᠦᠭᠡᠢ ᠪᠠᠶᠢᠨ᠎ᠠ᠃ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠨᠢ ᠵᠢᠷᠤᠮᠵᠢᠯ ᠥᠬᠡᠶ ᠪᠠᠶᠢᠵᠤ᠂ ᠨᠡᠶᠢᠲᠡᠯᠡᠭᠰᠡᠨ ᠠᠭᠤᠯᠭ᠎ᠠ ᠶᠢᠨ ᠢᠶᠠᠨ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠡᠵᠡᠮᠳᠡᠭᠰᠡᠨ ᠥᠬᠡᠶ᠂ ᠵᠢᠱᠢᠶᠡᠯᠡᠪᠡᠯ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠤ ᠫᠣᠷᠲ᠋ᠧᠯ ᠰᠦᠯᠵᠢᠶ᠎ᠡ᠂ ︽ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠣᠨ︾ ᠤ ᠫᠣᠷᠲ᠋ᠧᠯ ᠰᠦᠯᠵᠢᠶ᠎ᠡ ᠳᠤ ᠬᠦᠨᠳᠦ ᠨᠣᠴᠢᠲᠠᠶ ᠪᠤᠷᠤᠭᠤ ᠲᠣᠭᠠᠴᠢᠯᠲᠠ ᠣᠷᠣᠰᠢᠵᠤ ᠪᠤᠢ᠃ ᠴᠥᠭᠡᠨ ᠲᠣᠭᠠᠨ ᠤ ᠵᠠᠰᠠᠭ ᠤᠨ ᠣᠷᠳᠣᠨ ᠤ ᠰᠦᠯᠵᠢᠶ᠎ᠡ ᠨᠢ ᠰᠦᠯᠵᠢᠶᠡᠨ ᠤ ᠠᠷᠠᠳ ᠤᠨ ᠬᠠᠯᠠᠮᠵᠢᠯᠠᠯ ᠳᠤ ᠴᠠᠭ ᠲᠤᠬᠠᠶ ᠳᠤ ᠨᠢ ᠬᠠᠷᠢᠭᠤ ᠥᠭᠭᠦᠭᠰᠡᠨ ᠥᠬᠡᠶ᠂ ᠵᠢᠱᠢᠶᠡᠯᠡᠪᠡᠯ ︽ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠯᠪᠠᠨ ᠰᠦᠯᠵᠢᠶ᠎ᠡ︾ ᠨᠢ ᠰᠦᠯᠵᠢᠶᠡᠨ ᠤ ᠠᠷᠠᠳ ᠤᠨ ᠦᠯᠡᠳᠡᠭᠡᠭᠰᠡᠨ ᠠᠰᠠᠭᠤᠯᠲᠠ ᠶᠢ 3 ᠰᠠᠷ᠎ᠠ ᠭᠠᠷᠤᠢ ᠬᠠᠷᠢᠭᠤ ᠥᠭᠭᠦᠭᠰᠡᠨ ᠥᠬᠡᠶ ᠪᠠᠶᠢᠳᠠᠯ ᠣᠷᠣᠰᠢᠵᠤ ᠪᠠᠶᠢᠨ᠎ᠠ᠃ ᠵᠠᠷᠢᠮ ᠵᠠᠰᠠᠭ ᠤᠨ ᠣᠷᠳᠣᠨ ᠤ ᠰᠦᠯᠵᠢᠶᠡᠨ ᠤ ᠭᠤᠣᠯᠴᠢᠯᠠᠨ ᠬᠠᠮᠢᠶᠠᠷᠬᠤ ᠨᠢᠭᠡᠴᠢ ᠶᠢᠨ ᠬᠢᠨ ᠲᠤᠰᠬᠠᠢ ᠪᠤᠯᠤᠩ ᠭᠠᠷᠭᠠᠬᠤ ᠳᠤ ᠪᠠᠨ ︽ᠪᠠᠶᠢᠭᠤᠯᠤᠯᠲᠠ ᠶᠢ ᠴᠢᠬᠤᠯᠠᠴᠢᠯᠠᠵᠤ᠂ ᠬᠠᠮᠠᠭᠠᠯᠠᠯᠲᠠ ᠶᠢ ᠬᠥᠩᠭᠡᠪᠴᠢᠯᠡᠬᠦ︾ ᠦᠵᠡᠭᠳᠡᠯ ᠣᠷᠣᠰᠢᠵᠤ ᠪᠤᠢ᠂ ᠵᠢᠱᠢᠶᠡᠯᠡᠪᠡᠯ ︽ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︾᠂ ︽ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ︾ ᠵᠡᠷᠭᠡ ᠰᠦᠯᠵᠢᠶᠡᠨ ᠳᠤ ᠣᠯᠠᠨ ᠬᠤᠭᠤᠰᠣᠨ ᠪᠤᠯᠤᠩ ᠣᠷᠣᠰᠢᠵᠤ ᠪᠠᠶᠢᠨ᠎ᠠ᠃ ︵ᠬᠤᠶᠠᠷ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠨᠢ ᠲᠡᠭᠦᠯᠳᠡᠷ ᠪᠤᠰᠤ᠃ ᠬᠡᠰᠡᠭ ᠭᠠᠵᠠᠷ ᠣᠷᠣᠨ ᠪᠠ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢ ᠵᠢᠷᠤᠮᠵᠢᠭᠤᠯᠤᠨ ᠪᠠᠶᠢᠭᠤᠯᠬᠤ ᠶᠢ ᠴᠢᠬᠤᠯᠠᠴᠢᠯᠠᠬᠤ ᠲᠠᠯ᠎ᠠ ᠪᠠᠷ ᠬᠦᠷᠦᠯᠴᠡᠬᠦ ᠦᠭᠡᠶ᠂ ᠮᠡᠳᠡᠭᠡ ᠵᠠᠩᠭᠢ ᠶᠢ ᠢᠯᠡ ᠪᠣᠯᠭᠠᠬᠤ ᠪᠤᠯᠤᠩ ᠤᠨ ᠲᠣᠬᠢᠷᠠᠭᠤᠯᠤᠯᠲᠠ ᠨᠢ ᠵᠢᠷᠤᠮᠵᠢᠯ ᠥᠬᠡᠶ᠂ ᠠᠭᠤᠯᠭ᠎ᠠ ᠶᠢᠨ ᠬᠠᠮᠠᠭᠠᠯᠠᠯᠲᠠ ᠬᠦᠷᠦᠯᠴᠡᠬᠦ ᠦᠭᠡᠢ᠂ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠭᠰᠡᠨ ᠥᠬᠡᠶ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠠᠶᠢᠨ᠎ᠠ᠂ ᠵᠢᠱᠢᠶᠡᠯᠡᠪᠡᠯ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠰᠦᠯᠵᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠵᠡᠷᠭᠡ ᠪᠤᠯᠤᠩ ᠢ ᠵᠢᠷᠤᠮᠵᠢᠭᠤᠯᠤᠨ ᠳᠣᠭᠢᠷᠠᠭᠤᠯᠤᠭᠰᠠᠨ ᠥᠬᠡᠶ︔ ᠪᠤᠭᠤᠲᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠨᠢᠭᠡᠴᠢ ᠶᠢᠨ ᠰᠦᠯᠵᠢᠶ᠎ᠡ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠤᠨ ᠪᠤᠯᠤᠩ ᠤᠨ ᠳᠣᠤᠷ᠎ᠠ ᠶᠡᠭᠡ ᠬᠡᠮᠵᠢᠶᠡᠨ ᠤ ᠲᠦᠷᠢᠮ ᠤᠨ ᠪᠤᠰᠤ ᠲᠥᠷᠥᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠤᠯᠤᠰ ᠤᠨ ᠲᠠᠰ ᠳᠠᠪᠬᠤᠷᠭ᠎ᠠ ᠠᠴᠠ ᠲᠣᠳᠣᠷᠬᠠᠶ ᠲᠣᠭᠲᠠᠭᠠᠭᠰᠠᠨ 13 ᠬᠠᠤᠯᠢ ᠲᠣᠭᠲᠠᠭᠠᠯ ᠤᠨ ᠲᠠᠶᠢᠯᠪᠤᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠢᠯᠡ ᠪᠣᠯᠭᠠᠭᠰᠠᠨ ᠥᠬᠡᠶ ᠪᠤᠶᠤ ᠪᠦᠷᠢᠨ ᠨᠡᠶᠢᠲᠡᠯᠡᠭᠰᠡᠨ ᠥᠬᠡᠶ᠃ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠮᠡᠷᠭᠡᠵᠢᠯ ᠤᠨ ᠲᠤᠯᠭᠠᠭᠤᠷᠢᠯᠠᠯ ᠨᠢ ᠭᠦᠢᠴᠡᠳ ᠥᠬᠡᠶ᠂ ᠲᠣᠰ ᠪᠠᠶᠢᠭᠤᠯᠭ᠎ᠠ ᠨᠢ ᠴᠠᠭ ᠲᠤᠬᠠᠶ ᠳᠤ ᠨᠢ ᠮᠥᠷᠳᠡᠨ ᠬᠠᠮᠠᠭᠠᠯᠠᠭᠰᠠᠨ ᠥᠬᠡᠶ ᠠᠰᠠᠭᠤᠳᠠᠯ ᠣᠷᠣᠰᠢᠵᠤ ᠪᠠᠶᠢᠨ᠎ᠠ᠃ ᠵᠢᠱᠢᠶᠡᠯᠡᠪᠡᠯ ᠠᠯᠠᠱᠠ ᠠᠶᠢᠮᠠᠭ ᠤᠨ ᠵᠠᠰᠠᠭ ᠵᠠᠬᠢᠷᠭ᠎ᠠ ᠶᠢᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠤᠨ ᠠᠭᠤᠯᠭ᠎ᠠ ᠳᠤ ︽ᠨᠡᠶᠢᠲᠡᠯᠡᠭᠰᠡᠨ ᠡᠳᠦᠷ ᠬᠤᠭᠤᠴᠠᠭ᠎ᠠ︾ ᠨᠢ ︽ᠪᠢᠴᠢᠭᠳᠡᠭᠰᠡᠨ ᠴᠠᠭ︾ ᠠᠴᠠ ᠡᠷᠲᠡ ᠪᠠᠶᠢᠬᠤ ᠦᠵᠡᠭᠳᠡᠯ ᠣᠷᠣᠰᠢᠵᠤ ᠪᠠᠶᠢᠨ᠎ᠠ᠃ ᠡᠭᠦᠨ ᠤ ᠵᠡᠷᠭᠡ ᠳᠤ᠂ ᠵᠠᠷᠢᠮ ᠭᠠᠵᠠᠷ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠤᠨ ᠠᠭᠤᠯᠭ᠎ᠠ ᠶᠢ ᠰᠢᠨᠡᠳᠬᠡᠬᠦ ᠠᠴᠠ ᠪᠢᠰᠢ ᠨᠡᠶᠢᠲᠡᠯᠡᠭᠰᠡᠨ ᠴᠠᠭ ᠢ ᠰᠢᠨᠡᠳᠬᠡᠬᠦ ᠦᠭᠡᠶ ᠪᠤᠶᠤ ᠨᠡᠶᠢᠲᠡᠯᠡᠭᠰᠡᠨ ᠴᠠᠭ ᠢ ᠰᠢᠨᠡᠳᠬᠡᠬᠦ ᠠᠴᠠ ᠪᠢᠰᠢ ᠠᠭᠤᠯᠭ᠎ᠠ ᠶᠢ ᠰᠢᠨᠡᠳᠬᠡᠬᠦ ᠦᠭᠡᠶ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠬᠠᠷᠢᠭᠤᠯᠲᠠ ᠥᠭᠬᠦ ᠬᠤᠭᠤᠴᠠᠭ᠎ᠠ ᠨᠢ ᠮᠥᠨ ᠬᠦ 15 ᠠᠵᠢᠯᠯᠠᠬᠤ ᠡᠳᠦᠷ ᠪᠠᠶᠢᠵᠤ᠂ ︽ᠭᠤᠷᠪᠠᠨ ᠬᠡᠷᠡᠭᠴᠡᠭᠡ︾ ᠶᠢ ᠬᠡᠪ ᠢᠶᠠᠷ ᠪᠠᠶᠢᠯᠭᠠᠬᠤ ᠵᠡᠷᠭᠡ ᠠᠰᠠᠭᠤᠳᠠᠯ ᠶᠡᠭᠡ ᠬᠡᠮᠵᠢᠶ᠎ᠡ ᠪᠠᠷ ᠣᠷᠣᠰᠢᠵᠤ ᠪᠤᠢ᠃ ︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠨ ᠥᠬᠡᠶ᠃ ᠴᠥᠭᠡᠨ ᠲᠣᠭᠠᠨ ᠤ ᠭᠠᠵᠠᠷ ᠣᠷᠣᠨ ᠤ ᠬᠢᠨ ᠨᠢᠭᠡᠨᠲᠡ ︽ᠪᠦᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢᠨ ᠮᠡᠳᠡᠭᠦᠯᠦᠨ ᠬᠦᠷᠭᠡᠬᠦ ᠰᠢᠰᠲ᠋ᠧᠮ︾ ᠳᠤ ᠣᠷᠣᠭᠤᠯᠤᠭᠰᠠᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠨᠢ ᠵᠢᠷᠤᠮᠵᠢᠯ ᠦᠭᠡᠶ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠳᠤ ᠨᠢ ᠣᠯᠵᠤ ᠮᠡᠳᠡᠭᠰᠡᠨ ᠦᠭᠡᠶ᠂ ᠴᠡᠭᠴᠡᠯᠡᠨ ᠥᠭᠡᠷᠡᠴᠢᠯᠡᠬᠦ ᠪᠠᠷ ᠮᠡᠳᠡᠭᠳᠡᠭᠰᠡᠨ ᠤ ᠳᠠᠷᠠᠭ᠎ᠠ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠦᠭᠡᠶ᠂ ᠲᠤᠰ ᠤᠯᠠᠷᠢᠯ ᠤᠨ ᠰᠣᠩᠭᠤᠨ ᠪᠠᠶᠢᠴᠠᠭᠠᠯᠲᠠ ᠳᠤ ᠵᠠᠷᠢᠮ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠭᠤᠯᠭ᠎ᠠ ᠪᠠᠨ ᠤᠷᠲᠤ ᠬᠤᠭᠤᠴᠠᠭ᠎ᠠ ᠰᠢᠨᠡᠳᠬᠡᠭᠰᠡᠨ ᠦᠭᠡᠶ ᠪᠠᠶᠢᠳᠠᠯ ᠣᠷᠣᠰᠢᠵᠤ ᠪᠤᠢ᠂ ᠵᠢᠱᠢᠶᠡᠯᠡᠪᠡᠯ ᠸᠢᠴᠠᠲ ᠤᠨ ᠨᠡᠶᠢᠲᠡ ᠶᠢᠨ ᠳ᠋ᠤᠭᠠᠷ ︽ ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ︾ ︽ᠲᠦᠩᠯᠢᠶᠣᠤ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠲᠠᠪᠤᠳᠤᠭᠠᠷ ᠶᠡᠭᠡ ᠠᠩᠭᠢ︾ ︽ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︾᠂ ᠰᠢᠨ ᠯᠠᠩ ᠪᠢᠴᠢᠯ ᠪᠦᠷᠭᠡ ︵新浪微博︶ ︽ᠭᠠᠭᠴᠠᠮᠣᠳᠣ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︾ ︽ᠤᠯᠠᠭᠠᠶ ᠶᠢᠨ ᠵᠢᠭᠤᠯᠴᠢᠯᠠᠯ︾᠂ ᠥᠨᠥᠳᠦᠷ ᠤᠨ ᠲᠡᠷᠢᠭᠦᠨ ᠵᠤᠷᠪᠤᠰ ︵今日头条︶ ︽ᠳᠥᠷᠪᠡᠳ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ︾᠂ TikTok ᠣᠬᠤᠷ ᠸᠢᠳᠢᠣ᠋ ︽ᠳᠠᠷᠬᠠᠨ ᠮᠣᠣᠮᠢᠩᠭᠠᠨ ᠤ ᠴᠠᠭᠳᠠᠭᠠᠨ ᠤ ᠶᠠᠪᠤᠳᠠᠯ︾ ᠵᠡᠷᠭᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠨᠢ ᠴᠥᠮ ᠠᠭᠤᠯᠭ᠎ᠠ ᠪᠠᠨ ᠣᠷᠳᠣ ᠬᠤᠭᠤᠴᠠᠭ᠎ᠠ ᠪᠠᠷ ᠰᠢᠨᠡᠳᠬᠡᠭᠰᠡᠨ ᠥᠬᠡᠶ᠃ ᠵᠠᠷᠢᠮ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠪᠡᠶ᠎ᠡ ᠪᠠᠨ ᠳᠠᠭᠠᠭᠠᠵᠤ ᠬᠠᠮᠢᠶᠠᠷᠬᠤ ᠲᠠᠯ᠎ᠠ ᠪᠠᠷ ᠳᠤᠲᠠᠮᠠᠭ ᠪᠠᠶᠢᠵᠤ᠂ ᠥᠪᠡᠷᠲᠡᠭᠡᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠠᠵᠢᠯ ᠢ ᠬᠠᠰᠢ ᠶᠠᠰᠢ ᠪᠠᠷ ᠠᠷᠭᠠᠴᠠᠭᠠᠵᠤ᠂ ᠤᠯᠠᠷᠢᠯ ᠤᠨ ᠰᠣᠭᠤᠴᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠤᠨ ︽ᠨᠢᠭᠡ ᠠᠴᠠ ᠨᠦᠬᠦᠭᠡ ᠶᠢ ᠵᠦᠢᠴᠢᠯᠡᠵᠦ︾ ᠥᠪᠡᠷ ᠢ ᠪᠠᠨ ᠪᠠᠶᠢᠴᠠᠭᠠᠭᠰᠠᠨ ᠥᠬᠡᠶ ᠠᠴᠠ ᠪᠣᠯᠵᠣ᠂ ᠠᠳᠠᠯᠢ ᠲᠥᠷᠥᠯ ᠤᠨ ᠠᠰᠠᠭᠤᠳᠠᠯ ᠳᠠᠬᠢᠨ ᠳᠠᠪᠲᠠᠨ ᠢᠯᠡᠷᠡᠵᠦ ᠪᠤᠢ᠂ ᠵᠢᠱᠢᠶᠡᠯᠡᠪᠡᠯ ᠸᠢᠴᠠᠲ ᠤᠨ ᠨᠡᠶᠢᠲᠡ ᠶᠢᠨ ᠳ᠋ᠤᠭᠠᠷ ︽ᠪᠠᠭᠠᠲᠤᠷᠯᠢᠭ ᠳᠠᠷᠬᠠᠨ ᠮᠣᠣᠮᠢᠩᠭᠠᠨ ᠤ ᠮᠣᠩᠭᠤᠯ ᠨᠡᠶᠢᠲᠡᠯᠡᠯ︾ ︽ᠵᠠᠷᠤᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︾ ︽ᠤᠯᠠᠭᠠᠨᠴᠠᠪ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠪᠠᠶᠢᠭᠤᠯᠤᠯᠲᠠ︾ ᠵᠡᠷᠭᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠪᠦᠲᠦᠮᠵᠢᠲᠡᠶ ᠬᠠᠷᠢᠯᠴᠠᠨ ᠦᠢᠯᠡᠳᠦᠯᠴᠡᠬᠦ ᠴᠢᠳᠠᠮᠵᠢ ᠬᠠᠩᠭᠠᠭᠰᠠᠨ ᠥᠬᠡᠶ᠃ ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ︵ᠨᠢᠭᠡ︶ ᠪᠠᠶᠢᠩᠭᠤᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠠᠶᠢᠩᠭᠤᠵᠢᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠢᠨᠠᠨ ᠰᠢᠨᠵᠢᠯᠡᠯᠲᠡ ᠶᠢ ᠴᠢᠩᠭᠠᠳᠬᠠᠵᠤ᠂ ᠨᠢᠭᠡᠳᠦᠯᠲᠡᠶ ᠵᠢᠷᠤᠮᠵᠢᠭᠤᠯᠤᠨ ᠬᠠᠮᠢᠶᠠᠷᠴᠤ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠭᠤᠣᠴᠢᠯᠠᠨ ᠬᠠᠮᠢᠶᠠᠷᠴᠤ ᠪᠠᠶᠢᠭ᠎ᠠ ᠨᠢᠭᠡᠴᠢ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠬᠤᠯᠪᠣᠭᠳᠠᠯ ᠪᠥᠬᠦᠶ ᠵᠦᠢᠯᠡᠰ ᠢ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠬᠢᠭᠡᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠤᠨ ᠮᠡᠳᠡᠭᠳᠡᠯ︾ ︵ᠲᠥᠷᠥ ᠠᠯᠪᠠᠨ ᠢᠯᠡ ᠪᠣᠯᠭᠠᠬᠤ ᠠᠯᠪᠠᠨ ᠵᠠᠬᠢᠳᠠᠯ ﹇2019﹈ 61 ᠳ᠋ᠦ᠋ᠭᠡᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ︾ ᠤᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠶ ᠵᠦᠢᠯ ᠤᠨ ᠪᠠᠶᠢᠴᠠᠭᠠᠯᠲᠠ ᠥᠷᠨᠢᠭᠦᠯᠵᠦ᠂ ᠪᠤᠯᠤᠩ ᠲᠣᠬᠢᠷᠠᠭᠤᠯᠬᠤ ᠪᠠ ᠠᠭᠤᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠨᠣᠪᠴᠢᠲᠠᠶ ᠨᠡᠶᠢᠲᠡᠯᠡᠬᠦ ᠬᠡᠷᠡᠭᠲᠡᠢ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢ ᠪᠤᠷᠤᠭᠤ ᠲᠠᠭᠯᠠᠨ ᠮᠡᠳᠡᠭᠦᠯᠦᠭᠰᠡᠨ ᠠᠰᠠᠭᠤᠳᠠᠯ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠦᠨᠳᠦᠰᠦᠨ ᠮᠡᠳᠡᠭᠡ ᠵᠠᠩᠭᠢ ᠶᠢᠨ ᠦᠨᠡᠨ ᠪᠣᠳᠠᠲᠠᠶ ᠪᠥᠭᠡᠳ ᠵᠢᠷᠤᠮᠵᠢᠯ ᠲᠠᠢ᠂ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ︽ᠬᠦᠰᠢᠮᠡᠯ︾ ︽ᠬᠤᠭᠤᠰᠣᠨ︾ ᠨᠣᠮᠧᠷ ᠢ ᠠᠷᠢᠯᠭᠠᠨ ᠴᠡᠪᠡᠷᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠣᠮᠧᠷ ᠤᠨ ᠦᠢᠯᠡᠴᠢᠯᠡᠭᠡᠨ ᠳᠤ ᠬᠡᠷᠡᠭᠯᠡᠵᠦ ᠪᠣᠯᠬᠤ᠂ ᠬᠡᠷᠡᠭᠯᠡᠬᠦ ᠳᠤ ᠰᠠᠶᠢᠨ ᠪᠠᠶᠢᠬᠤ ᠶᠢ ᠦᠨᠡᠨ ᠬᠦ ᠪᠠᠲᠤᠯᠠᠵᠤ᠂ ᠬᠡᠷᠡᠭᠯᠡᠭᠴᠢ ᠶᠢᠨ ᠬᠡᠷᠡᠭᠯᠡᠭᠡᠨ ᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃ ︵ᠬᠤᠶᠠᠷ︶ ᠠᠭᠤᠯᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠲᠥᠷᠥ ᠶᠢᠨ ᠪᠣᠳᠣᠯᠭ᠎ᠠ ᠶᠢᠨ ᠤᠯᠠᠮᠵᠢᠯᠠᠨ ᠳᠠᠮᠵᠢᠭᠤᠯᠬᠤ ᠴᠢᠳᠠᠮᠵᠢ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠡᠷᠭᠡ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠡᠶᠢᠲᠡᠯᠡᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠥᠰᠥᠭ ᠪᠢᠴᠢᠭ ᠤᠨ ᠠᠭᠤᠯᠭ᠎ᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭᠠᠳᠬᠠᠨ᠂ ᠣᠯᠠᠨ ᠲᠦᠮᠡᠨ ᠪᠠ ᠠᠵᠤ ᠠᠬᠤᠶᠢᠯᠠᠯ ᠳᠤ ᠲᠥᠬᠦᠮ ᠪᠥᠭᠡᠳ ᠬᠡᠷᠡᠭᠴᠡᠭᠡ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤ ᠨᠢ ᠬᠠᠩᠭᠠᠬᠤ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠤᠭ᠎ᠠ ᠪᠠᠷᠢᠮᠲᠠ ᠨᠢ ᠠᠳᠠᠯᠢ ᠢᠷᠡᠯᠲᠡ ᠲᠠᠢ᠂ ᠦᠢᠯᠡᠴᠢᠯᠡᠭᠡ ᠨᠢ ᠠᠳᠠᠯᠢ ᠦᠨᠳᠦᠰᠦ ᠲᠠᠢ᠂ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ᠂ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ︵ᠭᠤᠷᠪᠠ︶ ᠰᠦᠯᠵᠢᠶᠡᠨ ᠤ ᠠᠷᠠᠳ ᠤᠨ ᠦᠯᠡᠳᠡᠭᠡᠭᠰᠡᠨ ᠠᠰᠠᠭᠤᠯᠲᠠ ᠶᠢ ᠬᠠᠷᠢᠭᠤᠯᠤᠨ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠰᠦᠯᠵᠢᠶᠡᠨ ᠤ ᠠᠷᠠᠳ ᠤᠨ ᠦᠯᠡᠳᠡᠭᠡᠭᠰᠡᠨ ᠠᠰᠠᠭᠤᠯᠲᠠ ᠳᠤ ᠬᠠᠷᠢᠭᠤᠯᠲᠠ ᠥᠭᠬᠦ ᠠᠵᠢᠯ ᠢ ᠴᠢᠬᠤᠯᠠᠴᠢᠯᠠᠨ ᠦᠵᠡᠵᠦ᠂ ᠠᠵᠢᠯ ᠤᠨ ᠲᠣᠭᠲᠠᠴᠠ ᠵᠢᠴᠢ ᠴᠣᠪᠣᠷᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰᠬᠠᠶ ᠬᠥᠮᠦᠨ ᠢᠶᠠᠷ ᠬᠠᠷᠢᠴᠠᠭᠤᠯᠵᠤ᠂ ᠰᠢᠢᠳᠪᠦᠷᠢᠯᠡᠬᠦ ᠴᠠᠭ ᠤᠨ ᠬᠢᠵᠠᠭᠠᠷ ᠢ ᠴᠢᠩᠭ᠎ᠠ ᠵᠢᠷᠤᠮᠯᠠᠵᠤ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠥᠭᠬᠦ ᠬᠡᠷᠡᠭᠲᠡᠶ᠃ ᠰᠦᠯᠵᠢᠶᠡᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠷᠢᠯᠴᠠᠭᠠᠨ ᠤ ᠠᠷᠭ᠎ᠠ ᠵᠠᠮ ᠢᠶᠠᠷ ᠳᠠᠮᠵᠢᠭᠤᠯᠤᠨ ᠳᠤᠷᠠᠳᠤᠭᠰᠠᠨ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠴᠠᠭ ᠲᠤᠬᠠᠶ ᠳᠤ ᠨᠢ ᠨᠠᠷᠢᠨ ᠬᠢᠨᠠᠮᠠᠭᠠᠶ ᠰᠤᠳᠤᠯᠤᠨ ᠤᠩᠰᠢᠬᠤ ᠪᠠ ᠬᠠᠷᠢᠭᠤᠯᠲᠠ ᠥᠭᠴᠦ᠂ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︵ᠳᠥᠷᠪᠡ︶ 2021 ᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠲᠡᠯᠡᠬᠦ ᠠᠵᠢᠯ ᠢ ᠰᠠᠶᠢᠲᠤᠷ ᠬᠢᠨ᠎ᠠ᠃ ︽ᠵᠠᠰᠠᠭ ᠤᠨ ᠣᠷᠳᠣᠨ ᠤ ᠰᠦᠯᠵᠢᠶᠡᠨ ᠤ ᠣᠨ ᠤ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠲᠡᠯᠡᠬᠦ ᠠᠵᠢᠯ ᠢ ᠰᠠᠶᠢᠲᠤᠷ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2018﹈ 12 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠬᠠᠷᠢᠶ᠎ᠠ ᠣᠷᠣᠨ ᠢᠶᠠᠷ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠤᠷᠢᠳ ᠢᠶᠠᠷ ᠬᠢᠨᠠᠵᠤ ᠳᠠᠷᠠᠭ᠎ᠠ ᠨᠢ ᠲᠠᠷᠬᠠᠭᠠᠬᠤ︾ ᠵᠠᠷᠴᠢᠮ ᠶᠣᠰᠣᠭᠠᠷ᠂ 2022 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ 2021 ᠣᠨ ᠤ ︽ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠤᠨ ᠣᠨ ᠤ ᠮᠡᠳᠡᠭᠦᠯᠦᠯᠲᠡ ᠶᠢᠨ ᠬᠦᠰᠦᠨᠦᠭᠲᠦ︾ ᠶᠢ ᠲᠠᠭᠯᠠᠨ ᠮᠡᠳᠡᠭᠦᠯᠬᠦ ᠠᠵᠢᠯ ᠢ ᠳᠠᠭᠤᠰᠬᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠲᠤ ᠣᠷᠣᠭᠤᠯᠬᠤ ᠶᠢᠨ ᠬᠠᠮᠲᠤ᠂ ᠰᠦᠯᠵᠢᠶᠡᠨ ᠤ ᠲᠦᠷᠦᠭᠦᠤ ᠨᠢᠭᠤᠷ ᠤᠨ ᠢᠯᠡ ᠪᠠᠶᠢᠷᠢᠨ ᠳᠤ ᠨᠡᠶᠢᠲᠡᠯᠡᠬᠦ ᠬᠡᠷᠡᠭᠲᠡᠶ᠃ ᠣᠨ ᠤ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠪᠣᠭᠤᠮᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠭᠤᠯᠭ᠎ᠠ ᠶᠢᠨ ᠪᠦᠷᠢᠨ ᠪᠦᠲᠦᠨ ᠪᠥᠭᠡᠳ ᠵᠢᠷᠤᠮᠵᠢᠯ ᠲᠠᠢ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠭᠰᠠᠨ ᠤ ᠳᠠᠷᠠᠭ᠎ᠠ ᠳᠠᠬᠢᠨ ᠢᠯᠡ ᠪᠠᠷ ᠨᠡᠶᠢᠲᠡᠯᠡᠬᠦ ᠶᠢᠨ ᠬᠠᠮᠲᠤ ︽ᠪᠥᠬᠦ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢᠨ ᠮᠡᠳᠡᠭᠦᠯᠦᠨ ᠬᠦᠷᠭᠡᠬᠦ ᠰᠢᠰᠲ᠋ᠧᠮ︾ ᠳᠤ ᠲᠠᠭᠯᠠᠨ ᠮᠡᠳᠡᠭᠦᠯᠬᠦ ᠠᠵᠢᠯ ᠢ ᠴᠠᠭ ᠲᠤᠬᠠᠶ ᠳᠤ ᠨᠢ ᠪᠡᠶᠡᠯᠡᠭᠦᠯᠬᠦ ᠬᠡᠷᠡᠭᠲᠡᠶ᠃ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠨᠢ ᠲᠡᠷᠢᠭᠦᠨ ᠨᠢᠭᠤᠷ ᠲᠤ ᠪᠠᠨ ᠲᠤᠰᠬᠠᠶ ᠪᠤᠯᠤᠩ ᠭᠠᠷᠭᠠᠵᠤ᠂ ᠲᠣᠰ ᠭᠠᠵᠠᠷ ᠤᠨ ᠢᠶᠠᠨ ᠡᠯ᠎ᠡ ᠱᠠᠲᠤᠨ ᠤ ᠡᠯ᠎ᠡ ᠲᠥᠷᠥᠯ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠤᠨ ᠣᠨ ᠤ ᠮᠡᠳᠡᠭᠦᠯᠦᠯᠲᠡ ᠶᠢᠨ ᠬᠦᠰᠦᠨᠦᠭᠲᠦ ᠶᠢ ᠲᠥᠪᠯᠡᠷᠡᠭᠦᠯᠦᠨ ᠨᠡᠶᠢᠲᠡᠯᠡᠬᠦ ᠬᠡᠷᠡᠭᠲᠡᠶ᠃ 2021 ᠣᠨ ᠤ ᠳᠥᠷᠪᠡᠳᠦᠭᠡᠷ ᠤᠯᠠᠷᠢᠯ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠤᠭᠤᠴᠢᠨ ᠪᠠᠶᠢᠴᠠᠭᠠᠯᠲᠠ ᠳᠤ ᠠᠰᠠᠭᠤᠳᠠᠯ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠳᠡᠭᠰᠡᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠴᠠᠭ ᠲᠤᠬᠠᠶ ᠳᠤ ᠨᠢ ᠴᠡᠭᠴᠡᠯᠡᠨ ᠥᠭᠡᠷᠡᠴᠢᠯᠡᠵᠦ᠂ ᠴᠡᠭᠴᠡᠯᠡᠨ ᠥᠭᠡᠷᠡᠴᠢᠯᠡᠭᠰᠡᠨ ᠪᠠᠶᠢᠳᠠᠯ ᠢᠶᠠᠨ ᠵᠠᠷᠯᠠᠨ ᠨᠡᠶᠢᠲᠡᠯᠡᠭᠰᠡᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠷᠢᠭᠤ ᠲᠤᠰᠬᠠᠬᠤ ᠬᠡᠷᠡᠭᠲᠡᠶ᠃ ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠭᠤᠴᠢᠨ ᠪᠠᠶᠢᠴᠠᠭᠠᠭᠰᠠᠨ ᠪᠠᠶᠢᠳᠠᠯ
2. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠣᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠳᠠᠯ
3. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 2021 ᠣᠨ ᠤ 12 ᠳ᠋ᠤᠭᠠᠷ ᠰᠠᠷ᠎ᠠ ᠶᠢᠨ 23 ᠤ ᠡᠳᠦᠷ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|