|
ᠮᠠᠨ ᠤ ᠣᠷᠤᠨ ᠤ 9 ᠳ᠋ᠦ᠋ᠭᠡᠷ ᠰᠠᠷ᠎ᠠ ᠶᠢᠨ 18 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2022/9/19
|
|
9 ᠳ᠋ᠦ᠋ᠭᠡᠷ ᠰᠠᠷ᠎ᠠ ᠶᠢᠨ 18 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ᠂ ᠡᠭᠦᠨ ᠳᠤ 1 ᠵᠢᠱᠢᠶ᠎ᠡ ᠶᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠦ᠂ 1 ᠵᠢᠱᠢᠶ᠎ᠡ ᠶᠢ ᠪᠢᠲᠡᠭᠦᠮᠵᠢᠯᠡᠨ ᠬᠠᠮᠢᠶᠠᠷᠴᠤ ᠪᠠᠶᠢᠭ᠎ᠠ ᠭᠤᠣᠯᠳᠠᠯᠭ᠎ᠠ ᠲᠠᠢ ᠬᠦᠮᠦᠰ ᠤᠨ ᠰᠢᠭᠰᠢᠨ ᠪᠠᠶᠢᠴᠠᠭᠠᠯᠲᠠ ᠠᠴᠠ ᠢᠯᠡᠷᠡᠭᠦᠯᠪᠡ︶ ᠰᠢᠨ᠎ᠡ ᠪᠠᠷ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠵᠦ᠂ ᠲᠡᠷᠡ ᠨᠢ ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 21 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠳᠤ 14 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 4᠂ ᠣᠩᠨᠢᠭᠤᠳ ᠬᠤᠰᠢᠭᠤᠨ ᠳᠤ 9︶᠂ ᠰᠢᠯᠢ ᠶᠢᠨ ᠭᠤᠣᠯ ᠠᠶᠢᠮᠠᠭ ᠲᠤ 5 ︵ᠰᠢᠯᠢ ᠶᠢᠨ ᠬᠤᠲᠠ ᠳᠤ 4᠂ ᠡᠷᠢᠶᠡᠨ ᠬᠤᠲᠠ ᠳᠤ 1︶᠂ ᠠᠯᠠᠱᠠ ᠠᠶᠢᠮᠠᠭ ᠲᠤ 2 ︵ᠴᠥᠮ ᠴᠡᠭᠡ ᠪᠣᠭᠤᠮᠲᠠ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 31 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠳᠤ 19 ︵ᠬᠤᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 18︶᠂ ᠰᠢᠯᠢ ᠶᠢᠨ ᠭᠤᠣᠯ ᠠᠶᠢᠮᠠᠭ ᠲᠤ 5 ︵ᠴᠥᠮ ᠰᠢᠯᠢ ᠶᠢᠨ ᠬᠤᠲᠠ ᠳᠤ︶᠂ ᠠᠯᠠᠱᠠ ᠠᠶᠢᠮᠠᠭ ᠲᠤ 7 ︵ᠴᠥᠮ ᠴᠡᠭᠡ ᠪᠣᠭᠤᠮᠲᠠ ᠳᠤ︶ ᠪᠤᠢ᠃ 9 ᠳ᠋ᠦ᠋ᠭᠡᠷ ᠰᠠᠷ᠎ᠠ ᠶᠢᠨ 18 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 246 ᠪᠠᠶᠢᠵᠤ᠂ ᠡᠭᠦᠨ ᠳᠤ ᠬᠦᠯᠦᠨ ᠪᠤᠶᠢᠷ ᠬᠤᠲᠠ ᠳᠤ 5 ︵ᠴᠦᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5︶᠂ ᠰᠢᠯᠢ ᠶᠢᠨ ᠭᠤᠣᠯ ᠠᠶᠢᠮᠠᠭ ᠲᠤ 12 ︵ᠰᠢᠯᠢ ᠶᠢᠨ ᠬᠤᠲᠠ ᠳᠤ 11᠂ ᠡᠷᠢᠶᠡᠨ ᠬᠤᠲᠠ ᠳᠤ 1︶᠂ ᠠᠯᠠᠱᠠ ᠠᠶᠢᠮᠠᠭ ᠲᠤ 5 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 4︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 297 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ ᠬᠤᠰᠢᠭᠤᠨ ᠳᠤ 139︶᠂ ᠰᠢᠯᠢ ᠶᠢᠨ ᠭᠤᠣᠯ ᠠᠶᠢᠮᠠᠭ ᠲᠤ 18 ︵ᠰᠢᠯᠢ ᠶᠢᠨ ᠬᠤᠲᠠ ᠳᠤ 13᠂ ᠡᠷᠢᠶᠡᠨ ᠬᠤᠲᠠ ᠳᠤ 5︶᠂ ᠪᠠᠶᠠᠨᠨᠠᠭᠤᠷ ᠬᠤᠲᠠ ᠳᠤ 6 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 36 ︵ᠡᠵᠡᠨ᠎ᠡ ᠬᠤᠰᠢᠭᠤᠨ ᠳᠤ 5᠂ ᠴᠡᠭᠡ ᠪᠣᠭᠤᠮᠲᠠ ᠳᠤ 31︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 6᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠴᠥᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|