ᠶᠣᠣ ᠶᠦᠩ ᠪᠥᠸᠧ
ᠨᠡᠶᠢᠲᠡᠯᠡᠭᠰᠡᠨ ᠴᠠᠭ᠄
2023/1/17

么永波.jpg

 

ᠳᠡᠳ᠋ ᠲᠡᠷᠢᠭᠦᠯᠡᠭᠴᠢ   ᠶᠣᠣ ᠶᠦᠩ ᠪᠦᠸᠧ

ᠠᠵᠢᠯ ᠤᠨ ᠬᠤᠪᠢᠶᠠᠷᠢ᠄

ᠲᠡᠷᠢᠭᠦᠯᠡᠭᠴᠢ ᠶᠢ ᠬᠠᠪᠰᠤᠷᠴᠤ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠠᠮᠢᠶᠠᠷᠤᠯᠲᠠ᠂ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃

ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠡᠶ᠎ᠡ ᠶᠢᠨ ᠲᠠᠮᠢᠷ ᠤᠨ ᠲᠣᠪᠴᠢᠶ᠎ᠠ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠭᠧᠣᠯᠣᠭᠢ ᠠᠭᠤᠷᠬᠠᠢ ᠶᠢᠨ ᠭᠠᠷᠤᠯᠲᠠ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠥᠩᠭᠡᠲᠦ ᠲᠡᠮᠦᠷᠯᠢᠭ ᠭᠧᠣᠯᠣᠭᠢ ᠠᠭᠤᠷᠬᠠᠢ ᠶᠢᠨ ᠦᠢᠯᠡᠰ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠨᠡᠭᠦᠷᠡᠰᠦᠨ ᠤ ᠭᠧᠣᠯᠣᠭᠢ ᠶᠢᠨ ᠬᠠᠶᠢᠨ ᠪᠠᠶᠢᠴᠠᠭᠠᠬᠤ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃

ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠥᠪᠥᠷ ᠮᠣᠩᠭᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃

ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃


ᠲᠣᠪᠴᠢ ᠨᠠᠮᠲᠠᠷ᠄

ᠶᠣᠣ ᠶᠦᠩ ᠪᠦᠸᠧ᠂ ᠡᠷᠡᠭᠲᠡᠢ᠂ ᠬᠢᠲᠠᠳ ᠦᠨᠳᠦᠰᠦᠲᠡᠨ᠂ 1965 ᠣᠨ ᠤ 7 ᠳ᠋ᠤᠭᠠᠷ ᠰᠠᠷ᠎ᠠ ᠳᠤ ᠲᠥᠷᠥᠪᠡ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃

ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠤ ᠲᠤᠰᠢᠶᠠᠯ ᠳᠤ ᠪᠣᠢ᠃    

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map