ᠪᠠᠢ ᠴᠢᠩ ᠶᠤᠸᠠᠨ
ᠨᠡᠶᠢᠲᠡᠯᠡᠭᠰᠡᠨ ᠴᠠᠭ᠄
2023/1/17

6380974148951610234495135.jpg

 

       ᠳᠡᠳ᠋ ᠲᠡᠷᠢᠭᠦᠯᠡᠭᠴᠢ    ᠪᠠᠢ ᠴᠢᠩ ᠶᠤᠸᠠᠨ

       ᠠᠵᠢᠯ ᠤᠨ ᠬᠤᠪᠢᠶᠠᠷᠢ

      ᠲᠡᠷᠢᠭᠦᠯᠡᠭᠴᠢ ᠶᠢ ᠬᠠᠪᠰᠤᠷᠴᠤ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠲᠣᠮᠣ ᠳ᠋ᠠᠶᠢᠲ᠋ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠦᠢᠯᠡᠳᠬᠡᠯ ᠤᠨ ᠦᠢᠯᠡᠰ ᠲᠥᠪᠯᠡᠷᠡᠭᠰᠡᠨ ᠣᠷᠣᠨ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃

     ᠥᠪᠡᠷᠲᠡᠭᠡᠨ ᠵᠠᠰᠠᠭ᠋ᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠣᠮᠣ ᠳ᠋ᠠᠶᠢᠲ᠋ᠠ ᠶᠢᠨ ᠲᠥᠪ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠲᠢᠶᠠᠨ ᠵᠢᠶᠣᠣ ᠠᠭᠠᠷ ᠠᠶᠠᠯᠠᠯ ᠤᠨ ᠬᠢᠵᠠᠭᠠᠷᠲᠤ ᠺᠣᠮᠫᠠᠨᠢ︶᠂ ᠥᠪᠥᠷ ᠮᠣᠩᠭᠤᠯ ᠤᠨ ᠮᠧᠩ ᠶᠠᠨ ᠳᠠᠪᠤᠰᠤᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠷᠭᠡᠨ ᠤ ᠵᠠᠰᠠᠮᠠᠯ ᠵᠠᠮ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠠᠵᠤ ᠦᠢᠯᠡᠳᠪᠦᠷᠢ ᠬᠤᠳᠠᠯᠳᠤᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠢ ᠬᠤᠪᠢᠳᠠᠨ ᠬᠠᠮᠢᠶᠠᠷᠤᠨ᠎ᠠ᠃

     ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ︵ᠨᠠᠪᠴᠢᠨ ᠲᠠᠮᠠᠬᠢ ᠶᠢᠨ ᠺᠣᠮᠫᠠᠨᠢ︶᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠭᠰᠡᠨ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠭᠡ ᠬᠤᠯᠪᠣᠭᠠᠨ ᠤ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠤᠪᠤᠷᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠣᠯᠠᠨ ᠤᠯᠤᠰ ᠤᠨ ᠠᠭᠠᠷ ᠠᠶᠠᠯᠠᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠮᠠᠷᠠᠲᠤ ᠶᠢᠨ ᠪᠧᠨ ᡂᠢ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠥᠮ᠎ᠡ ᠶᠢᠨ ᠤᠮᠠᠷᠠᠲᠤ ᠶᠢᠨ ᠴᠥᠮ᠎ᠡ ᠶᠢᠨ ᠰᠢᠲᠠᠭᠠᠯᠭ᠎ᠠ ᠶᠢᠨ ᠲᠣᠨᠤᠭ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠲᠥᠪ ᠤᠨ ᠬᠤᠯᠪᠣᠭᠳᠠᠯ ᠪᠦᠬᠦᠢ ᠰᠢᠭᠤᠳ ᠬᠠᠷᠢᠶ᠎ᠠ ᠠᠵᠤ ᠠᠬᠤᠶᠢᠯᠠᠯ ᠲᠠᠢ ᠬᠠᠷᠢᠯᠴᠠᠨ᠎ᠠ᠃

       ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃

       ᠲᠣᠪᠴᠢ ᠨᠠᠮᠲᠠᠷ᠄

     ᠪᠠᠢ ᠴᠢᠩ ᠶᠤᠸᠠᠨ᠂ ᠡᠷᠡᠭᠳᠡᠢ᠂ ᠬᠢᠳᠡᠳ ᠦᠨᠳᠣᠰᠣᠳᠡᠨ᠂ 1970 ᠣᠨ ᠤ 11 ᠳ᠋ᠦ᠋ᠭᠡᠷ ᠰᠠᠷ᠎ᠠ ᠳᠤ ᠲᠦᠷᠣᠵᠠᠢ᠂ ᠠᠵᠢᠯ ᠤᠨ ᠪᠠᠶᠢᠷᠢ ᠳᠡᠭᠡᠷᠡᠬᠢ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠨᠠᠮ ᠤᠨ ᠭᠡᠰᠢᠭᠦᠨ᠃

     ᠣᠳᠣ ᠦᠪᠤᠷ ᠮᠣᠩᠭᠤᠯ ᠤᠨ ᠦᠪᠡᠷᠳᠡᠭᠡᠨ ᠵᠠᠰᠠᠭ᠋ᠤ ᠣᠷᠣᠨ ᠤ ᠲᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠬᠤᠷᠢᠶᠠᠨ ᠤ ᠡᠷᠬᠢᠯᠡᠭᠴᠢ ᠭᠡᠰᠢᠭᠦᠨ ᠤ ᠳᠤᠰᠢᠶᠠᠯ ᠳᠤ ᠪᠤᠢ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map