ᠣᠷᠳᠣᠰ ᠬᠤᠲᠠ ᠨᠡᠶᠢᠲᠡ 4.62 ᠳ᠋ᠦᠩᠰᠢᠭᠤᠷ ᠲᠥᠭᠦᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠵᠠᠷᠤᠳᠠᠯ ᠢᠶᠠᠷ ᠠᠷᠠᠳ ᠤᠨ ᠠᠮᠢᠳᠤᠷᠠᠯ ᠢ ᠪᠠᠲᠤᠯᠠᠪᠠ
ᠨᠡᠶᠢᠲᠡᠯᠡᠭᠰᠡᠨ ᠴᠠᠭ᠄
2023/11/14

2023 ᠣᠨ ᠤ ᠭᠤᠷᠪᠠᠳᠤᠭᠠᠷ ᠤᠯᠠᠷᠢᠯ ᠪᠣᠯᠲᠠᠯ᠎ᠠ᠂ ᠣᠷᠳᠣᠰ ᠬᠤᠲᠠ ᠨᠡᠶᠢᠲᠡ 4.62 ᠳ᠋ᠦᠩᠰᠢᠭᠤᠷ ᠲᠥᠭᠦᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠵᠠᠷᠤᠳᠠᠯ ᠵᠠᠷᠤᠴᠠᠭᠤᠯᠪᠠ᠃ ᠨᠠᠰᠤᠲᠠᠶᠢᠴᠤᠳ᠂ ᠵᠡᠮᠳᠡᠭᠴᠦᠳ᠂ ᠥᠨᠥᠴᠢᠨ ᠬᠡᠦᠬᠡᠳ᠂ ᠬᠦᠴᠢᠷᠳᠡᠯᠲᠡᠢ ᠤᠯᠠᠨ ᠲᠦᠮᠡᠨ ᠵᠡᠷᠭᠡ 152550 ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠲᠡᠭᠡᠳ ᠲᠤ ᠠᠰᠢᠭ ᠬᠦᠷᠲᠡᠭᠡᠪᠡ᠃

ᠨᠡᠶᠢᠭᠡᠮ ᠤᠨ ᠠᠰᠠᠷᠠᠮᠵᠢ ᠳᠤ ᠨᠡᠶᠢᠲᠡ 1.74 ᠳ᠋ᠦᠩᠰᠢᠭᠤᠷ ᠲᠥᠭᠦᠷᠢᠭ ᠵᠠᠷᠤᠴᠠᠭᠤᠯᠪᠠ ︵ᠡᠭᠦᠨ ᠳᠤ᠄ ᠬᠡᠦᠬᠡᠳ ᠤᠨ ᠠᠰᠠᠷᠠᠮᠵᠢ ᠨᠡᠶᠢᠲᠡ 974 ᠲᠦᠮᠡᠨ ᠲᠥᠭᠦᠷᠢᠭ᠂ ᠵᠡᠮᠳᠡᠭᠴᠦᠳ ᠤᠨ ᠠᠰᠠᠷᠠᠮᠵᠢ ᠨᠡᠶᠢᠲᠡ 5769.1 ᠲᠦᠮᠡᠨ ᠲᠥᠭᠦᠷᠢᠭ᠂ ᠨᠠᠰᠤᠲᠠᠶᠢᠴᠤᠳ ᠤᠨ ᠠᠰᠠᠷᠠᠮᠵᠢ ᠨᠡᠶᠢᠲᠡ 8689.1 ᠲᠦᠮᠡᠨ ᠲᠥᠭᠦᠷᠢᠭ᠂ ︽ᠰᠠᠨ ᠮᠢᠨ︾ ᠨᠥᠬᠦᠪᠦᠷᠢ ᠶᠢᠨ ᠵᠠᠷᠤᠯᠭ᠎ᠠ ᠨᠡᠶᠢᠲᠡ 1976.8 ᠲᠦᠮᠡᠨ ᠲᠥᠭᠦᠷᠢᠭ︶︔ ᠨᠡᠶᠢᠭᠡᠮ ᠤᠨ ᠠᠪᠤᠷᠠᠨ ᠲᠤᠰᠠᠯᠠᠯᠲᠠ ᠳᠤ ᠨᠡᠶᠢᠲᠡ 2.23 ᠳ᠋ᠦᠩᠰᠢᠭᠤᠷ ᠲᠥᠭᠦᠷᠢᠭ ᠵᠠᠷᠤᠴᠠᠭᠤᠯᠪᠠ ︵ᠡᠭᠦᠨ ᠳᠤ᠄ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠨᠡᠶᠢᠲᠡ 1.38 ᠳ᠋ᠦᠩᠰᠢᠭᠤᠷ ᠲᠥᠭᠦᠷᠢᠭ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠨᠡᠶᠢᠲᠡ 6647.74 ᠲᠦᠮᠡᠨ ᠲᠥᠭᠦᠷᠢᠭ᠂ ᠲᠦᠷ ᠴᠠᠭ ᠤᠨ ᠠᠪᠤᠷᠠᠨ ᠲᠤᠰᠠᠯᠠᠬᠤ ᠨᠡᠶᠢᠲᠡ 1824.73 ᠲᠦᠮᠡᠨ ᠲᠥᠭᠦᠷᠢᠭ︶︔ ᠪᠤᠰᠤᠳ ᠠᠷᠠᠳ ᠤᠨ ᠶᠠᠪᠤᠳᠠᠯ ᠤᠨ ᠬᠠᠮᠢᠶᠠᠷᠤᠯᠲᠠ ᠶᠢᠨ ᠶᠠᠪᠤᠳᠠᠯ ᠳᠤ ᠨᠡᠶᠢᠲᠡ 6553.3 ᠲᠦᠮᠡᠨ ᠲᠥᠭᠦᠷᠢᠭ ᠵᠠᠷᠤᠴᠠᠭᠤᠯᠪᠠ᠃

ᠳᠠᠷᠠᠭᠠᠴᠢ ᠶᠢᠨ ᠠᠯᠬᠤᠮ ᠳᠤ᠂ ᠣᠷᠳᠣᠰ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠦᠷᠭᠦᠯᠵᠢᠯᠡᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠣᠯᠣᠨ ᠦᠨᠳᠦᠰᠦᠨ ᠨᠡᠶᠢᠭᠡᠮ ᠤᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠳᠠᠯ ᠢᠶᠠᠨ ᠨᠥᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ᠂ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠲᠡᠷᠢᠭᠦᠯᠡᠬᠦ ᠪᠠᠷ ᠴᠢᠷᠮᠠᠶᠢᠵᠤ᠂ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map