|
ᠪᠤᠭᠤᠲᠤ ᠬᠤᠲᠠ 1159 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠣᠷᠣᠭᠤᠯᠵᠤ ᠡᠪᠡᠰᠦ ᠪᠣᠷᠳᠣᠭᠠᠨ ᠤ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠨ ᠠᠬᠢᠭᠤᠯᠪᠠ |
|
|
ᠨᠡᠶᠢᠲᠡᠯᠡᠭᠰᠡᠨ ᠴᠠᠭ᠄
2023/11/16
|
|
ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ ᠲᠠᠷᠢᠵᠤ ᠲᠡᠵᠢᠭᠡᠬᠦ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠣᠯᠣᠨ ᠤᠳᠤ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠡᠵᠢᠭᠡᠯ ᠡᠪᠡᠰᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠪᠤᠭᠤᠲᠤ ᠬᠤᠲᠠ 1159 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠣᠷᠣᠭᠤᠯᠵᠤ᠂ ᠲᠦᠮᠡᠳ ᠪᠠᠷᠠᠭᠤᠨ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠵᠡᠷᠭᠡ 7 ᠬᠤᠰᠢᠭᠤ ᠰᠢᠶᠠᠨ ᠲᠣᠭᠤᠷᠢᠭ ᠲᠤ ︽ᠠᠮᠤ ᠶᠢ ᠪᠣᠷᠳᠤᠭ᠎ᠠ ᠪᠣᠯᠭᠠᠬᠤ︾ ᠲᠤᠷᠰᠢᠯᠲᠠ ᠬᠡᠷᠡᠭᠵᠢᠭᠦᠯᠬᠦ ᠶᠢ ᠲᠡᠳᠬᠦᠵᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ᠂ ᠪᠣᠷᠳᠣᠭᠠᠨ ᠳᠤ ᠬᠡᠷᠡᠭᠯᠡᠬᠦ ᠰᠢᠰᠢ ᠵᠡᠷᠭᠡ ᠴᠢᠨᠠᠷ ᠰᠠᠶᠢᠲᠠᠢ ᠡᠪᠡᠰᠦ ᠪᠣᠷᠳᠤᠭ᠎ᠠ ᠳᠠᠷᠢᠬᠤ ᠲᠠᠯᠠᠪᠠᠶ ᠶᠢ 7.7 ᠲᠦᠮᠡᠨ ᠮᠦ ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ ᠠᠯᠠᠰᠢᠨ ᠦᠬᠡᠷ ᠪᠠ ᠠᠯᠠᠰᠢᠨ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠪᠡᠰᠦ ᠪᠣᠷᠳᠤᠭ᠎ᠠ ᠶᠢᠨ ᠪᠦᠲᠦᠴᠡ ᠶᠢ ᠤᠯᠠᠮ ᠰᠢᠯᠢᠳᠡᠭᠵᠢᠭᠦᠯᠵᠦ ᠪᠠᠶᠢᠨ᠎ᠠ᠃ ᠨᠥᠬᠦᠪᠦᠷᠢ ᠶᠢᠨ ᠪᠡᠯᠡ ᠮᠥᠩᠭᠦ ᠳᠤ ︽ᠤᠷᠢᠳ ᠢᠶᠠᠷ ᠬᠤᠷᠢᠶᠠᠨ ᠬᠠᠳᠠᠭᠠᠯᠠᠵᠤ ᠳᠠᠷᠠᠭ᠎ᠠ ᠨᠢ ᠨᠥᠬᠦᠪᠦᠷᠢᠯᠡᠬᠦ︾ ᠠᠷᠭ᠎ᠠ ᠶᠢ ᠠᠪᠴᠤ᠂ ᠡᠯ᠎ᠡ ᠬᠤᠰᠢᠭᠤ ᠰᠢᠶᠠᠨ ᠲᠣᠭᠤᠷᠢᠭ ᠨᠢ ᠪᠠᠭᠤᠯᠭᠠᠭᠰᠠᠨ ᠪᠡᠯᠡ ᠮᠥᠩᠭᠦ ᠶᠢᠨ ᠬᠡᠮᠵᠢᠶ᠎ᠡ ᠶᠢ ᠦᠨᠳᠦᠰᠦᠯᠡᠨ᠂ ᠲᠤᠬᠠᠢ ᠶᠢᠨ ᠭᠠᠵᠠᠷ ᠤᠨ ᠬᠡᠪᠴᠢᠶᠡᠵᠢᠭᠦᠯᠦᠭᠰᠡᠨ ᠡᠪᠡᠰᠦᠨ ᠢᠳᠡᠰᠢᠲᠦ ᠭᠡᠷ ᠤᠨ ᠲᠡᠵᠢᠭᠡᠪᠦᠷᠢ ᠲᠡᠵᠢᠭᠡᠬᠦ ᠲᠠᠯᠠᠪᠠᠶ ︵ᠡᠷᠦᠬᠡ︶᠂ ᠠᠵᠤ ᠠᠬᠤᠶᠢᠯᠠᠯ ᠪᠤᠶᠤ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠵᠢᠴᠢ ᠲᠤᠰᠬᠠᠶᠢᠵᠢᠭᠰᠠᠨ ᠲᠡᠵᠢᠭᠡᠯ ᠡᠪᠡᠰᠦ ᠬᠤᠷᠢᠶᠠᠨ ᠬᠠᠳᠠᠭᠠᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠷᠢᠶᠠᠨ ᠬᠠᠳᠠᠭᠠᠯᠠᠬᠤ ᠬᠡᠮᠵᠢᠶ᠎ᠡ ᠲᠠᠢ ᠤᠶᠠᠯᠳᠤᠭᠤᠯᠤᠨ ᠨᠥᠬᠦᠪᠦᠷᠢ ᠥᠭᠭᠦᠨ᠎ᠡ᠃ ᠠᠮᠤ ᠶᠢ ᠪᠣᠷᠳᠤᠭ᠎ᠠ ᠪᠣᠯᠭᠠᠬᠤ ᠲᠤᠷᠰᠢᠯᠲᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠤᠭᠤᠲᠤ ᠬᠤᠲᠠ ᠨᠡᠶᠢᠲᠡ 5197 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠲᠤᠷᠰᠢᠯᠲᠠ ᠥᠷᠨᠢᠭᠦᠯᠬᠦ ᠶᠢ ᠲᠡᠳᠬᠦᠵᠦ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠣᠨ ᠡᠪᠡᠰᠦ ᠪᠣᠷᠳᠤᠭ᠎ᠠ ᠬᠤᠷᠢᠶᠠᠨ ᠬᠠᠳᠠᠭᠠᠯᠠᠵᠤ ᠡᠳ᠋ᠰᠢᠭᠦᠯᠬᠦ ᠠᠵᠤ ᠠᠬᠤᠶᠢᠯᠠᠯ ᠤᠳ ᠤᠨ ᠢᠳᠡᠪᠬᠢᠵᠢᠯ ᠢ ᠪᠦᠲᠦᠮᠵᠢᠲᠡᠶ ᠳᠠᠶᠢᠴᠢᠯᠠᠨ᠂ ᠠᠮᠤ ᠶᠢ ᠪᠣᠷᠳᠤᠭ᠎ᠠ ᠪᠣᠯᠭᠠᠬᠤ ᠶᠢ ᠨᠢᠭᠡᠳᠦᠯᠲᠡᠢ ᠲᠥᠯᠥᠪᠯᠡᠭᠰᠡᠨ᠂ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠭᠰᠠᠨ᠂ ᠳᠠᠷᠢᠵᠤ ᠲᠡᠵᠢᠭᠡᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠮᠠᠯ ᠠᠵᠤ ᠠᠬᠤᠢ ᠶᠢ ᠪᠦᠲᠦᠭᠡᠨ ᠪᠠᠶᠢᠭᠤᠯᠬᠤ᠂ ᠪᠤᠭᠤᠲᠤ ᠬᠤᠲᠠ ᠶᠢᠨ ᠳᠠᠷᠢᠵᠤ ᠲᠡᠵᠢᠭᠡᠬᠦ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ ᠳᠤ ᠮᠡᠳᠡᠭᠳᠡᠮ᠎ᠡ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠭᠠᠷᠭᠠᠪᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|