ᠣᠲᠣ ᠪᠣᠯᠲᠠᠯ᠎ᠠ᠂ ᠤᠯᠠᠭᠠᠨᠴᠠᠪ ᠬᠤᠲᠠ 2024 ᠣᠨ ᠤ 230 ᠴᠢᠬᠤᠯᠠ ᠶᠡᠭᠡ ᠲᠦᠰᠦᠯ ᠢ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ 2122 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠳᠤ 447 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠨ ᠂ 2023 ᠣᠨ ᠤ ᠬᠢ ᠲᠠᠢ ᠬᠠᠷᠢᠴᠠᠭᠤᠯᠪᠠᠯ 12% ᠢᠶᠠᠷ ᠨᠡᠮᠡᠭᠳᠡᠬᠦ ᠪᠣᠯᠣᠨ᠎ᠠ ᠃
︵ᠨᠢᠭᠡ︶ ᠪᠡᠯᠡ ᠣᠷᠣᠭᠤᠯᠤᠯᠲᠠ ᠶᠢᠨ ᠲᠥᠷᠥᠯ ᠠᠴᠠ ᠦᠵᠡᠪᠡᠯ᠄ 2024 ᠣᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠰᠦᠯ 40 ᠪᠠᠶᠢᠵᠤ᠂ 2023 ᠣᠨ ᠤ ᠬᠢ ᠲᠠᠢ ᠬᠠᠷᠢᠴᠠᠭᠤᠯᠪᠠᠯ 49 ᠬᠠᠰᠤᠭᠳᠠᠨ᠎ᠠ ︔ ᠶᠡᠷᠦᠩᠬᠡᠢ ᠪᠡᠯᠡ ᠣᠷᠣᠭᠤᠯᠤᠯᠲᠠ 89 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠳᠤ 32 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠂ 2023 ᠣᠨ ᠤ ᠬᠢ ᠲᠠᠢ ᠬᠠᠷᠢᠴᠠᠭᠤᠯᠪᠠᠯ 35 ᠳ᠋ᠦᠩᠰᠢᠭᠤᠷ ᠲᠥᠭᠦᠷᠢᠭ ᠬᠠᠰᠤᠭᠳᠠᠨ᠎ᠠ ︔ ᠪᠡᠯᠡ ᠮᠥᠩᠭᠦ ᠶᠢᠨ ᠢᠷᠡᠯᠲᠡ ᠦᠭᠡᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ ᠲᠦᠰᠦᠯ ᠢ 2024 ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠴᠢᠬᠤᠯᠠ ᠶᠡᠭᠡ ᠲᠦᠰᠦᠯ ᠤᠳ ᠤᠨ ᠨᠠᠷᠢᠨ ᠲᠠᠩᠰᠠᠨ ᠳᠤ ᠲᠦᠷ ᠣᠷᠣᠭᠤᠯᠬᠤ ᠦᠭᠡᠢ᠃ 2024 ᠣᠨ ᠳᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠰᠦᠯ 190 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 2033 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 415 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠂ 2023 ᠣᠨ ᠤ ᠬᠢ ᠲᠠᠢ ᠬᠠᠷᠢᠴᠠᠭᠤᠯᠪᠠᠯ 83 ᠳ᠋ᠦᠩᠰᠢᠭᠤᠷ ᠲᠥᠭᠦᠷᠢᠭ ᠨᠡᠮᠡᠭᠳᠡᠨ᠎ᠡ ᠃
︵ ᠬᠤᠶᠠᠷ ︶ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠡᠴᠠᠦᠵᠡᠪᠡᠯ ᠄ 2024 ᠣᠨ ᠳᠤ ᠦᠷᠭᠦᠯᠵᠢᠯᠡᠨ ᠪᠠᠶᠢᠭᠤᠯᠬᠤ ᠲᠦᠰᠦᠯ 116 ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 829 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 166 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ︔ 114 ᠲᠦᠰᠦᠯ ᠢ ᠰᠢᠨ᠎ᠡ ᠪᠠᠷ ᠪᠠᠶᠢᠭᠤᠯᠵᠤ ᠂ ᠶᠡᠷᠦᠩᠬᠡᠢ ᠪᠡᠯᠡ ᠣᠷᠣᠭᠤᠯᠤᠯᠲᠠ ᠨᠢ 1293 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠳᠤ 281 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠵᠦ ᠪᠠᠶᠢᠨ᠎ᠠ᠃
︵ ᠭᠤᠷᠪᠠ ︶ ᠪᠡᠯᠡ ᠣᠷᠣᠭᠤᠯᠤᠯᠲᠠ ᠶᠢᠨ ᠬᠡᠪᠴᠢᠶᠠᠨ ᠠᠴᠠ ᠦᠵᠡᠪᠡᠯ ᠄ 2024 ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠴᠢᠬᠤᠯᠠ ᠶᠡᠭᠡ ᠲᠦᠰᠦᠯ ᠤᠳ ᠠᠴᠠ ᠶᠡᠷᠦᠩᠬᠡᠢ ᠪᠡᠯᠡ ᠣᠷᠣᠭᠤᠯᠤᠯᠲᠠ ᠨᠢ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠰᠦᠯ 12 ︵ ᠰᠢᠨ᠎ᠡ ᠪᠠᠷ ᠪᠠᠶᠢᠭᠤᠯᠬᠤ 8 ᠂ ᠦᠷᠭᠦᠯᠵᠢᠯᠡᠨ ᠪᠠᠶᠢᠭᠤᠯᠬᠤ 4᠂ 2023 ᠣᠨ ᠤ ᠬᠢ ᠲᠠᠢ ᠬᠠᠷᠢᠴᠠᠭᠤᠯᠪᠠᠯ 5 ᠨᠡᠮᠡᠭᠳᠡᠨ᠎ᠡ︶ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 848 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 168 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠵᠦ ᠪᠠᠶᠢᠨ᠎ᠠ︔ 50 ᠳ᠋ᠦᠩᠰᠢᠭᠤᠷ ᠲᠥᠭᠦᠷᠢᠭ ᠠᠴᠠ ᠳᠣᠷᠣᠭᠰᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠰᠦᠯ 34 ︵ᠰᠢᠨ᠎ᠡ ᠪᠠᠷ ᠪᠠᠶᠢᠭᠤᠯᠬᠤ 19 ᠂ ᠦᠷᠭᠦᠯᠵᠢᠯᠡᠨ ᠪᠠᠶᠢᠭᠤᠯᠬᠤ 15 ᠂ 2023 ᠣᠨ ᠤ ᠬᠢ ᠲᠠᠢ ᠬᠠᠷᠢᠴᠠᠭᠤᠯᠪᠠᠯ 5 ᠨᠡᠮᠡᠭᠳᠡᠨ᠎ᠡ ︶ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 738 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠳᠤ 129 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠵᠦ ᠪᠠᠶᠢᠨ᠎ᠠ ᠃