ᠪᠤᠭᠤᠲᠤ ᠬᠤᠲᠠ ᠪᠥᠬᠦᠨ ᠳᠤ ᠲᠣᠬᠢᠷᠠᠬᠤ ᠺᠠᠷᠲ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ 13.19 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2023/11/28

ᠪᠤᠭᠤᠲᠤ ᠬᠤᠲᠠ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠤᠨ ᠲᠠᠷᠬᠠᠭᠠᠯᠲᠠ ᠶᠢᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠨᠥᠬᠦᠪᠦᠷᠢ ᠶᠢ ᠴᠠᠭ ᠲᠤᠬᠠᠢ ᠳᠤ ᠨᠢ ᠣᠯᠭᠤᠪᠠ᠃ ᠡᠨᠡ ᠵᠢᠯ ᠡᠬᠢᠯᠡᠭᠰᠡᠨ ᠠᠴᠠ ᠨᠠᠭᠠᠰᠢ᠂ ᠪᠥᠬᠦ ᠬᠤᠲᠠ ᠳᠤ ᠪᠦᠬᠦᠨ ᠳᠤ ᠲᠣᠬᠢᠷᠠᠬᠤ ᠺᠠᠷᠲ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ 13.19 ᠳ᠋ᠦᠩᠰᠢᠭᠤᠷ ᠲᠥᠭᠦᠷᠢᠭ ᠲᠠᠷᠬᠠᠭᠠᠵᠤ᠂ ᠨᠡᠶᠢᠲᠡ 179.10 ᠲᠦᠮᠡᠨ ᠬᠥᠮᠥᠨ ᠤᠳᠠᠭ᠎ᠠ ᠲᠠᠷᠬᠠᠭᠠᠵᠤ᠂ 9 ᠬᠦᠷᠢᠶᠡᠨ ᠤ 75 ᠲᠥᠷᠥᠯ ᠤᠨ 87 ᠵᠦᠢᠯ ᠳᠤ ᠬᠤᠯᠪᠣᠭᠳᠠᠵᠠᠢ᠃

ᠡᠭᠦᠨ ᠤ ᠳᠣᠲᠣᠷ᠎ᠠ᠂ ᠲᠠᠷᠢᠶᠠᠯᠠᠩ ᠤᠨ ᠲᠦᠷᠦᠯ ᠤᠨ ᠨᠥᠬᠦᠪᠦᠷᠢ 3.37 ᠳ᠋ᠦᠩᠰᠢᠭᠤᠷ ᠲᠥᠭᠦᠷᠢᠭ᠂ ᠮᠠᠯ ᠠᠵᠤ ᠠᠬᠤᠢ ᠶᠢᠨ ᠲᠦᠷᠦᠯ ᠤᠨ ᠨᠥᠬᠦᠪᠦᠷᠢ 1.63 ᠳ᠋ᠦᠩᠰᠢᠭᠤᠷ ᠲᠥᠭᠦᠷᠢᠭ᠂ ᠤᠢ ᠰᠢᠭᠤᠢ ᠶᠢᠨ ᠲᠦᠷᠦᠯ ᠤᠨ ᠨᠥᠬᠦᠪᠦᠷᠢ 2.3 ᠳ᠋ᠦᠩᠰᠢᠭᠤᠷ ᠲᠥᠭᠦᠷᠢᠭ᠂ ᠪᠦᠲᠦᠭᠡᠨ ᠪᠠᠶᠢᠭᠤᠯᠤᠯᠲᠠ ᠶᠢᠨ ᠲᠦᠷᠦᠯ ᠤᠨ ᠨᠥᠬᠦᠪᠦᠷᠢ 1.89 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠦᠷᠦᠯ ᠤᠨ ᠨᠥᠬᠦᠪᠦᠷᠢ 3.06 ᠳ᠋ᠦᠩᠰᠢᠭᠤᠷ ᠲᠥᠭᠦᠷᠢᠭ ᠪᠠᠶᠢᠵᠤ᠂ ᠳᠡᠭᠡᠷ᠎ᠡ ᠳᠤᠷᠠᠳᠤᠭᠰᠠᠨ ᠲᠠᠪᠤᠨ ᠲᠦᠷᠦᠯ ᠨᠢ ᠲᠠᠷᠬᠠᠯᠲᠠ ᠶᠢᠨ ᠶᠡᠷᠦᠩᠬᠡᠢ ᠬᠡᠮᠵᠢᠶᠡᠨ ᠤ 92.87% ᠶᠢ ᠡᠵᠡᠯᠡᠪᠡ᠃

ᠨᠥᠬᠦᠪᠦᠷᠢ ᠣᠯᠭᠤᠬᠤ ᠡᠲᠡᠭᠡᠳ ᠤᠨ ᠲᠥᠷᠥᠯ ᠠᠴᠠ ᠦᠵᠡᠪᠡᠯ᠂ ᠲᠠᠷᠢᠶᠠᠯᠠᠬᠤ ᠮᠠᠯᠵᠢᠬᠤ ᠣᠷᠣᠨ ᠤ ᠨᠥᠬᠦᠪᠦᠷᠢ ᠪᠡᠯᠡ ᠮᠥᠩᠭᠦ ᠶᠢ 12.22 ᠳ᠋ᠦᠩᠰᠢᠭᠤᠷ ᠲᠥᠭᠦᠷᠢᠭ᠂ ᠬᠤᠲᠠ ᠪᠠᠯᠭᠠᠰᠤ ᠶᠢᠨ ᠨᠥᠬᠦᠪᠦᠷᠢ ᠪᠡᠯᠡ ᠮᠥᠩᠭᠦ ᠶᠢ 0.97 ᠳ᠋ᠦᠩᠰᠢᠭᠤᠷ ᠲᠥᠭᠦᠷᠢᠭ ᠲᠠᠷᠬᠠᠭᠠᠪᠠ᠃

ᠲᠠᠷᠬᠠᠭᠠᠯᠲᠠ ᠶᠢᠨ ᠭᠠᠵᠠᠷ ᠠᠴᠠ ᠦᠵᠡᠪᠡᠯ᠂ 10 ᠬᠤᠰᠢᠭᠤ ᠰᠢᠶᠠᠨ ᠲᠣᠭᠤᠷᠢᠭ ᠤᠨ ᠳᠣᠲᠣᠷ᠎ᠠ ᠭᠦᠶᠠᠩ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠲᠦᠮᠡᠳ ᠪᠠᠷᠠᠭᠤᠨ ᠬᠤᠰᠢᠭᠤᠨ ᠤ ᠲᠠᠷᠬᠠᠭᠠᠯᠲᠠ ᠨᠢ ᠪᠥᠬᠦ ᠬᠤᠲᠠ ᠶᠢᠨ ᠡᠮᠦᠨ᠎ᠡ ᠭᠤᠷᠪᠠ ᠳᠤ ᠵᠢᠭᠰᠠᠭᠠᠭᠳᠠᠵᠤ᠂ ᠨᠡᠶᠢᠲᠡ 10.27 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠶᠡᠷᠦᠩᠬᠡᠢ ᠬᠡᠮᠵᠢᠶᠡᠨ ᠤ 77.86% ᠶᠢ ᠡᠵᠡᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map