ᠠᠯᠠᠱᠠ ᠠᠶᠢᠮᠠᠭ 2024 ᠣᠨ ᠤ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠠᠷ ᠨᠡᠭᠦᠯᠭᠡᠭᠰᠡᠨ ᠤ ᠳᠠᠷᠠᠭ᠎ᠠ ᠥᠷᠭᠦᠯᠵᠢᠯᠡᠨ ᠳᠡᠳᠬᠦᠬᠦ ᠲᠤᠰᠬᠠᠢ ᠪᠡᠯᠡ ᠮᠥᠩᠭᠦ 115 ᠲᠦᠮᠡᠨ ᠲᠥᠭᠦᠷᠢᠭ ᠭᠤᠶᠤᠴᠢᠯᠠᠨ ᠣᠯᠪᠠ
ᠨᠡᠶᠢᠲᠡᠯᠡᠭᠰᠡᠨ ᠴᠠᠭ᠄
2023/12/20

 

      ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠦᠷ᠎ᠡ ᠪᠦᠲᠦᠮᠵᠢ ᠶᠢ ᠪᠠᠬᠢᠵᠢᠭᠦᠯᠵᠦ ᠂ ᠦᠷᠭᠦᠯᠵᠢᠯᠡᠨ ᠲᠡᠳᠬᠦᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ ᠂ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ 2024 ᠣᠨ ᠤ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠳᠡᠳᠬᠦᠬᠦ ᠪᠠᠷ ᠨᠡᠭᠦᠯᠭᠡᠭᠰᠡᠨ ᠤ ᠳᠠᠷᠠᠭ᠎ᠠ ᠥᠷᠭᠦᠯᠵᠢᠯᠡᠨ ᠳᠡᠳᠬᠦᠬᠦ ᠲᠤᠰᠬᠠᠢ ᠪᠡᠯᠡ ᠮᠥᠩᠭᠦ 115 ᠲᠦᠮᠡᠨ ᠲᠥᠭᠦᠷᠢᠭ ᠭᠤᠶᠤᠴᠢᠯᠠᠨ ᠣᠯᠣᠭᠰᠠᠨ ᠪᠥᠭᠡᠳ ᠠᠯᠲᠠᠨ ᠣᠪᠣᠭ᠎ᠠ ᠪᠠᠯᠭᠠᠰᠤᠨ ᠤ ᠲᠥᠪᠬᠢᠨᠡᠭᠦᠯᠬᠦ ᠲᠣᠭᠤᠷᠢᠭ ᠤᠨ ᠳᠠᠭᠠᠯᠲᠠ ᠲᠥᠬᠦᠭᠡᠷᠦᠮᠵᠢ ᠨᠦᠭᠦᠳ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠬᠦ ᠪᠠᠷ ᠪᠠᠶᠢᠨ᠎ᠠ᠃

      ᠲᠣᠰ ᠲᠦᠰᠦᠯ ᠤᠨ ᠪᠦᠲᠦᠭᠡᠨ ᠪᠠᠶᠢᠭᠤᠯᠤᠯᠲᠠ ᠨᠢ ᠠᠯᠳᠠᠨ ᠣᠪᠣᠭ᠎ᠠ ᠪᠠᠯᠭᠠᠰᠤᠨ ᠤ ᠲᠥᠪᠬᠢᠨᠡᠭᠦᠯᠬᠦ ᠲᠣᠭᠤᠷᠢᠭ ᠲᠤ 5335 ᠲᠡᠭᠰᠢ ᠳᠥᠷᠪᠡᠯᠵᠢᠨ ᠮᠧᠲᠷ ᠭᠠᠵᠠᠷ ᠢ ᠬᠠᠲᠠᠭᠤᠷᠠᠭᠤᠯᠵᠤ᠂ 45 ᠵᠠᠮ ᠤᠨ ᠳ᠋ᠧᠩ ᠪᠠᠶᠢᠭᠤᠯᠬᠤ ᠥᠭᠬᠦ ᠪᠠᠷ ᠪᠣᠶ᠃ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠠᠷ ᠨᠡᠭᠦᠯᠭᠡᠭᠰᠡᠨ ᠤ ᠳᠠᠷᠠᠭ᠎ᠠ ᠥᠷᠭᠦᠯᠵᠢᠯᠡᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠠᠯᠳᠠᠨ ᠣᠪᠣᠭ᠎ᠠ ᠪᠠᠯᠭᠠᠰᠤᠨ ᠤ ᠲᠥᠪᠬᠢᠨᠡᠭᠦᠯᠬᠦ ᠲᠣᠭᠤᠷᠢᠭ ᠤᠨ ᠳᠠᠭᠠᠯᠲᠠ ᠲᠥᠬᠦᠭᠡᠷᠦᠮᠵᠢ ᠬᠤᠴᠤᠷᠤᠩᠭᠤᠢ᠂ ᠢᠵᠢ ᠪᠦᠷᠢᠯᠳᠦᠯ ᠮᠡᠬᠦᠰ ᠪᠠᠶᠢᠬᠤ ᠠᠰᠠᠭᠤᠳᠠᠯ ᠤᠳ ᠢ ᠤᠯᠠᠮ ᠰᠢᠢᠳᠪᠦᠷᠢᠯᠡᠵᠦ᠂ ᠲᠥᠪᠬᠢᠨᠡᠭᠦᠯᠬᠦ ᠲᠣᠭᠤᠷᠢᠭ ᠲᠤ ᠨᠡᠭᠦᠨ ᠪᠠᠭᠤᠭᠰᠠᠨ ᠣᠯᠠᠨ ᠲᠦᠮᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠦᠨᠳᠦᠰᠦᠨ ᠱᠠᠭᠠᠷᠳᠠᠯᠭ᠎ᠠ ᠶᠢ ᠬᠠᠩᠭᠠᠨ᠎ᠠ᠃

      ᠳᠠᠷᠠᠭᠠᠴᠢ ᠪᠠᠷ᠂ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠡᠯᠡ ᠮᠥᠩᠭᠦ ᠣᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠮᠵᠢ ᠪᠠᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠬᠦᠴᠦᠯᠡᠨ ᠠᠬᠢᠭᠤᠯᠵᠤ ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠵᠡᠷᠭᠡ ᠪᠠᠷ ᠳᠠᠮᠵᠢᠭᠤᠯᠤᠨ᠂ ᠨᠡᠭᠦᠭᠰᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ ᠨᠡᠭᠦᠭᠰᠡᠨ ᠤᠯᠠᠨ ᠲᠦᠮᠡᠨ ᠤ ᠲᠣᠭᠲᠠᠭᠤᠨ ᠢᠶᠠᠷ ᠪᠠᠶᠠᠵᠢᠨ ᠴᠢᠨᠡᠭᠡᠯᠢᠭᠵᠢᠬᠦ ᠳᠤ ᠪᠠᠲᠤ ᠰᠠᠶᠢᠨ ᠰᠠᠭᠤᠷᠢ ᠲᠠᠯᠪᠢᠵᠤ ᠥᠭᠭᠦᠨ᠎ᠡ ᠃ 

 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map