ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
256 ᠳ᠋ᠤᠭᠠᠷ ᠲᠣᠭᠠᠲᠤ
︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠨᠢᠭᠡᠨᠲᠡ 2022 ᠣᠨ ᠤ 9 ᠳ᠋ᠦ᠋ᠭᠡᠷ ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠂ ᠡᠳᠦᠭᠡ ᠨᠡᠶᠢᠲᠡᠯᠡᠪᠡ ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ
2022 ᠣᠨ ᠤ 10 ᠳ᠋ᠤᠭᠠᠷ ᠰᠠᠷ᠎ᠠ ᠶᠢᠨ 21 ᠤ ᠡᠳᠦᠷ
ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠂ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ ᠄
ᠨᠢᠭᠡ ᠂ ᠵᠠᠰᠠᠭ ᠤᠨ ᠣᠷᠳᠣᠨ ᠤ 3 ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠤᠳ ᠲᠤ ᠵᠠᠰᠠᠪᠤᠷᠢ ᠣᠷᠣᠭᠤᠯᠤᠨ᠎ᠠ ᠃ ︵ ᠳᠠᠭᠠᠯᠳᠤᠭᠤᠯᠤᠯ 1 ︶
ᠬᠤᠶᠠᠷ ᠂ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠨ᠎ᠠ ᠃ ︵ ᠳᠠᠭᠠᠯᠳᠤᠭᠤᠯᠤᠯ 2 ︶
ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ ᠃
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠣᠭᠲᠠᠭᠠᠯ ︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠠᠷᠭ᠎ᠠ ︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ ︾ ᠳᠤ ᠲᠤᠰ ᠲᠣᠭᠲᠠᠭᠠᠯ ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠵᠤ ᠂ ᠲᠠᠬᠢᠨ ᠨᠡᠶᠢᠲᠡᠯᠡᠨ᠎ᠡ ᠃
ᠳᠠᠭᠠᠯᠳᠤᠭᠤᠯᠤᠯ ᠄
1 ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ
2 ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ
ᠳᠠᠭᠠᠯᠳᠤᠭᠤᠯᠤᠯ 1
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ
ᠨᠢᠭᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠣᠭᠲᠠᠭᠠᠯ︾ ᠤᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠄ ︽ᠠᠶᠢᠮᠠᠭ ᠤᠨ ᠵᠠᠬᠢᠷᠭ᠎ᠠ ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ ᠂ ᠲᠤᠰᠬᠠᠢ ᠲᠤᠰᠢᠶᠠᠯᠲᠤ ᠠᠵᠢᠯᠲᠠᠨ ᠲᠣᠬᠢᠷᠠᠭᠤᠯᠬᠤ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ ᠃
ᠶᠢᠰᠦᠳᠦᠭᠡᠷ ᠵᠦᠢᠯ ᠳᠤ ᠄ ︽ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠳᠤ ᠬᠤᠯᠪᠣᠭᠳᠠᠯ ᠪᠦᠬᠦᠢ ᠲᠠᠯ᠎ᠠ ᠶᠢᠨ ᠲᠤᠰᠬᠠᠢ ᠮᠡᠷᠭᠡᠵᠢᠯᠲᠡᠳ ᠂ ᠡᠷᠳᠡᠮᠲᠡᠳ ᠢ ᠲᠠᠳᠠᠡ ᠣᠷᠣᠯᠴᠠᠭᠤᠯᠬᠤ ᠬᠡᠷᠡᠭᠲᠡᠢ ᠃ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠳᠤ ᠪᠠᠨ ᠲᠤᠰᠬᠠᠢ ᠲᠤᠰᠢᠶᠠᠯᠲᠠᠨ ᠢᠶᠠᠷ ᠭᠤᠣᠯᠯᠠᠭᠤᠯᠵᠤ ᠂ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ ᠂ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠨᠠᠶᠢᠷᠠᠭᠤᠯᠬᠤ ᠠᠵᠢᠯᠲᠠᠳ ᠵᠣᠬᠢᠬᠤ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ ᠃︾ ᠭᠡᠵᠦ ᠵᠠᠰᠠᠪᠤᠷᠢ ᠣᠷᠣᠭᠤᠯᠪᠠ ᠃
ᠠᠷᠪᠠᠨ ᠨᠢᠭᠡᠳᠦᠭᠡᠷ ᠵᠦᠢᠯ ᠳᠤ ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠥᠯᠦᠪᠵᠢᠭᠦᠯᠭᠡ ᠪᠠ ᠨᠠᠶᠢᠷᠠᠭᠤᠯᠬᠤ ᠲᠥᠰᠥᠯ ᠢ ᠬᠠᠷᠢᠭᠤᠴᠠᠨ ᠲᠤᠭᠤᠷᠪᠢᠨ ᠲᠣᠭᠲᠠᠭᠠᠬᠤ ᠬᠡᠷᠡᠭᠲᠡᠢ ᠃︾
︽ᠠᠶᠢᠮᠠᠭ ᠬᠤᠳᠠ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠂ ᠬᠤᠰᠢᠭᠤ ᠰᠢᠶᠠᠨ ᠤ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠲᠤᠭᠤᠷᠪᠢᠨ ᠲᠣᠭᠲᠠᠭᠠᠭᠰᠠᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠥᠯᠥᠪᠯᠡᠭᠡ ᠪᠠ ᠨᠠᠶᠢᠷᠠᠭᠤᠯᠬᠤ ᠲᠥᠰᠥᠯ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ ᠃︾ ᠭᠡᠵᠦ ᠵᠠᠰᠠᠪᠤᠷᠢ ᠣᠷᠣᠭᠤᠯᠪᠠ ᠃
ᠠᠷᠪᠠᠨ ᠳᠣᠯᠣᠳᠤᠭᠠᠷ ᠵᠦᠢᠯ ᠂ ᠠᠷᠪᠠᠨ ᠨᠠᠢᠮᠠᠳᠤᠭᠠᠷ ᠵᠦᠢᠯ ᠢ ᠬᠠᠰᠤᠪᠠ ᠃
ᠬᠤᠷᠢᠨ ᠵᠢᠷᠭᠤᠳᠤᠭᠠᠷ ᠵᠦᠢᠯ ᠢ ᠬᠤᠷᠢᠨ ᠳᠥᠷᠪᠡᠳᠦᠭᠡᠷ ᠵᠦᠢᠯ ᠪᠣᠯᠭᠠᠨ ᠬᠤᠪᠢᠷᠠᠭᠤᠯᠬᠤ ᠪᠥᠭᠡᠳ᠄ ︽ᠨᠠᠶᠢᠷᠠᠭᠤᠯᠬᠤ ᠨᠢᠭᠡᠴᠢ ᠳᠤ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠎ᠠ ︔ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠬᠤ ᠬᠥᠮᠥᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ ᠄
︵ ᠨᠢᠭᠡ ︶ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠪᠤᠶᠤ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠡᠭᠦᠷᠭᠡ ᠪᠠᠨ ᠲᠣᠭᠲᠠᠭᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠦᠭᠡᠢ ︔
︵ ᠬᠤᠶᠠᠷ ︶ ᠦᠨᠡᠯᠡᠨ ᠬᠢᠨᠠᠵᠤ ᠰᠢᠯᠭᠠᠨ ᠬᠤᠷᠢᠶᠠᠬᠤ ᠶᠢ ᠳᠠᠮᠵᠢᠭᠰᠠᠨ ᠦᠭᠡᠢ ᠪᠠᠷ ᠳᠤᠷ᠎ᠠ ᠮᠡᠳᠡᠨ ᠬᠡᠪᠯᠡᠭᠦᠯᠦᠭᠰᠡᠨ ︔
︵ ᠭᠤᠷᠪᠠ ︶ ᠣᠷᠣᠨ ᠨᠤᠲᠤᠭ ᠤᠨ ᠣᠶᠢᠯᠠᠯᠭ᠎ᠠ ᠶᠢᠨ ᠡᠬᠡ ᠪᠢᠴᠢᠭ ᠢ ᠰᠢᠯᠭᠠᠨ ᠬᠤᠷᠢᠶᠠᠭᠰᠠᠨ ᠤ ᠳᠠᠷᠠᠭ᠎ᠠ ᠂ ᠠᠭᠤᠯᠭ᠎ᠠ ᠶᠢ ᠨᠢ ᠳᠤᠷ᠎ᠠ ᠪᠠᠷ ᠨᠥᠬᠦᠪᠦᠷᠢᠯᠡᠭᠰᠡᠨ ᠂ ᠬᠠᠰᠤᠭᠰᠠᠨ ᠂ ᠥᠭᠡᠷᠡᠴᠢᠯᠡᠭᠰᠡᠨ ᠃︾ ᠭᠡᠵᠦ ᠵᠠᠰᠠᠪᠤᠷᠢ ᠣᠷᠣᠭᠤᠯᠪᠠ ᠃
ᠬᠤᠷᠢᠨ ᠨᠠᠢᠮᠠᠳᠤᠭᠠᠷ ᠵᠦᠢᠯ ᠢ ᠬᠤᠷᠢᠨ ᠵᠢᠷᠭᠤᠳᠤᠭᠠᠷ ᠵᠦᠢᠯ ᠪᠣᠯᠭᠠᠨ ᠬᠤᠪᠢᠷᠠᠭᠤᠯᠤᠭᠰᠠᠨ ᠪᠥᠭᠡᠳ ᠄ ︽ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠵᠢᠴᠢ ᠠᠵᠢᠯᠲᠠᠨ ᠳᠤ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ ᠂ ᠲᠡᠭᠦᠨ ᠤ ᠠᠵᠢᠯᠯᠠᠵᠤ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠎ᠠ ︔ ᠪᠠᠶᠢᠳᠠᠯ ᠨᠢ ᠬᠦᠨᠳᠦ ᠨᠣᠴᠢᠲᠠᠢ ᠪᠣᠯ ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠬᠤ ᠬᠥᠮᠥᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ ᠄
︵ᠨᠢᠭᠡ ︶ ᠵᠢᠭᠠᠨ ᠵᠢᠯᠤᠭᠤᠳᠬᠤ ᠪᠠ ᠰᠢᠮᠳᠠᠭᠤᠯᠤᠨ ᠪᠠᠶᠢᠴᠠᠭᠠᠬᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ ︔
︵ ᠬᠤᠶᠠᠷ ︶ ᠣᠷᠣᠨ ᠨᠤᠲᠤᠭ ᠤᠨ ᠣᠶᠢᠯᠠᠯᠭ᠎ᠠ ᠶᠢᠨ ᠪᠢᠴᠢᠭ ᠢ ᠲᠣᠭᠲᠠᠭᠠᠯ ᠶᠣᠰᠣᠭᠠᠷ ᠦᠨᠡᠯᠡᠨ ᠬᠢᠨᠠᠵᠤ ᠰᠢᠯᠭᠠᠨ ᠬᠤᠷᠢᠶᠠᠭᠰᠠᠨ ᠦᠭᠡᠢ ︔
︵ ᠭᠤᠷᠪᠠ ︶ ᠮᠠᠲ᠋ᠧᠷᠢᠶᠠᠯ ᠤᠳ ᠢ ᠲᠣᠭᠲᠠᠭᠠᠯ ᠶᠣᠰᠣᠭᠠᠷ ᠬᠤᠷᠢᠶᠠᠨ ᠴᠤᠭᠯᠠᠭᠤᠯᠵᠤ ᠬᠠᠳᠠᠭᠠᠯᠠᠭᠰᠠᠨ ᠦᠭᠡᠢ ︔
︵ ᠳᠥᠷᠪᠡ ︶ ᠣᠷᠣᠨ ᠨᠤᠲᠤᠭ ᠤᠨ ᠣᠶᠢᠯᠠᠯᠭ᠎ᠠ ᠶᠢᠨ ᠡᠬᠡ ᠪᠢᠴᠢᠭ ᠢ ᠬᠤᠪᠢ ᠬᠥᠮᠥᠨ ᠤ ᠪᠦᠲᠦᠭᠡᠯ ᠪᠣᠯᠭᠠᠨ ᠨᠡᠶᠢᠲᠡᠯᠡᠭᠰᠡᠨ ᠃︾ ᠭᠡᠵᠦ ᠵᠠᠰᠠᠪᠤᠷᠢ ᠣᠷᠣᠭᠤᠯᠪᠠ ᠃
︽ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠳᠡᠭ ᠢ ᠴᠥᠮ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠵᠦ ᠵᠠᠰᠠᠵᠤ ᠂ ︽ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠳᠡᠭ ᠢ ᠴᠥᠮ ︽ᠲᠤᠰ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠵᠦ ᠵᠠᠰᠠᠵᠤ ᠂ ︽ᠲᠤᠰ ᠱᠠᠲᠤᠨ ᠤ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠳᠡᠭ ᠢ ᠴᠥᠮ ︽ᠲᠤᠰ ᠱᠠᠲᠤᠨ ᠤ ᠪᠤᠶᠤ ᠳᠡᠭᠡᠷ᠎ᠡ ᠨᠢᠭᠡ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠵᠦ ᠵᠠᠰᠠᠵᠤ ᠂ ︽ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠳᠡᠭ ᠢ ᠴᠥᠮ ︽ᠠᠳᠠᠯᠢ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ︾ ᠭᠡᠵᠦ ᠵᠠᠰᠠᠵᠤ᠂ ︽ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠬᠡᠪᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︾ ᠭᠡᠳᠡᠭ ᠢ ᠴᠥᠮ
︽ᠲᠤᠰ ᠱᠠᠲᠤᠨ ᠤ ᠰᠣᠨᠢᠨ ᠮᠡᠳᠡᠭᠡ ᠬᠡᠪᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︾ ᠭᠡᠵᠦ ᠵᠠᠰᠠᠪᠤᠷᠢ ᠣᠷᠣᠭᠤᠯᠪᠠ ᠃
ᠬᠤᠶᠠᠷ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠠᠷᠭ᠎ᠠ ︾ ᠶᠢᠨ ᠳᠥᠷᠪᠡᠳᠦᠭᠡᠷ ᠵᠦᠢᠯ ᠳᠤ ᠄ ︽ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠵᠢᠭᠰᠠᠭᠠᠨ ᠣᠷᠣᠭᠤᠯᠪᠠᠯ ᠵᠣᠬᠢᠨ᠎ᠠ ︾ ᠭᠡᠵᠦ ᠵᠠᠰᠠᠪᠤᠷᠢ ᠣᠷᠣᠭᠤᠯᠪᠠ ᠃
ᠳᠣᠯᠣᠳᠤᠭᠠᠷ ᠵᠦᠢᠯ ᠳᠤ ᠄ ︽ ᠳᠠᠷᠠᠭᠠᠬᠢ ᠲᠠᠯᠠᠪᠤᠷ ᠂ ᠭᠠᠵᠠᠷ ᠪᠠ ᠣᠷᠣᠨ ᠪᠠᠶᠢᠷᠢ ᠨᠤᠭᠤᠳ ᠲᠤ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠬᠡᠷᠡᠭᠲᠡᠢ ᠄
︵ ᠨᠢᠭᠡ ︶ ᠷᠠᠳᠢᠣ᠋ ᠂ ᠲᠧᠯᠸᠢᠰ ᠂ ᠴᠠᠬᠢᠯᠭᠠᠨ ᠬᠤᠯᠪᠣᠭ᠎ᠠ ᠂ ᠰᠢᠤᠳᠠᠨ ᠵᠡᠷᠭᠡ ᠰᠢᠰᠲ᠋ᠧᠮ ᠤᠳ ᠤᠨ ᠴᠢᠬᠤᠯᠠ ᠣᠷᠣᠨ ᠪᠠᠶᠢᠷᠢ ︔
︵ ᠬᠤᠶᠠᠷ ︶ ᠤᠯᠤᠰ ᠤᠨ ᠪᠠᠲᠤᠯᠠᠨ ᠬᠠᠮᠠᠭᠠᠯᠠᠯᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠬᠤᠯᠠ ᠦᠢᠯᠡᠳᠬᠦᠨ ᠢ ᠰᠤᠳᠤᠯᠤᠨ ᠦᠢᠯᠡᠳᠬᠦ ᠂ ᠦᠢᠯᠡᠳᠪᠦᠷᠢᠯᠡᠬᠦ ᠲᠠᠯᠠᠪᠤᠷ ᠭᠠᠵᠠᠷ ︔
︵ ᠭᠤᠷᠪᠠ ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰᠤᠨ ᠤ ᠬᠥᠮᠥᠷᠭᠡ ᠂ ᠡᠵᠡᠩᠨᠡᠯᠲᠡ ᠶᠢᠨ ᠲᠠᠯᠠᠪᠤᠷ ᠪᠠ ᠲᠡᠭᠦᠨ ᠤ ᠴᠢᠬᠤᠯᠠ ᠣᠷᠣᠨ ᠪᠠᠶᠢᠷᠢ ᠵᠢᠴᠢ ᠵᠣᠭᠤᠰ ᠮᠥᠩᠭᠦ ᠶᠢ ᠬᠠᠮᠠᠭᠠᠯᠠᠨ ᠲᠡᠭᠡᠭᠡᠪᠦᠷᠢᠯᠡᠬᠦ ᠲᠡᠷᠭᠡ ᠬᠥᠰᠬᠡ ᠵᠡᠷᠭᠡ ︔
︵ᠳᠥᠷᠪᠡ ︶ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠂ ᠲᠡᠷᠭᠡᠨ ᠥᠷᠲᠡᠭᠡ ᠂ ᠵᠠᠰᠠᠮᠠᠯ ᠵᠠᠮᠲᠤ ᠵᠠᠮ ᠬᠠᠷᠢᠯᠴᠠᠭ᠎ᠠ ᠂ ᠲᠡᠮᠦᠷ ᠵᠢᠮᠲᠦ ᠵᠡᠮ ᠬᠠᠷᠢᠯᠴᠠᠭ᠎ᠠ ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠴᠢᠬᠤᠯᠠ ᠣᠷᠣᠨ ᠪᠠᠶᠢᠷᠢ ᠂ ᠤᠯᠡᠠ ᠨᠡᠶᠢᠲᠡ ᠶᠢᠨ ᠵᠡᠮ ᠬᠠᠷᠢᠯᠴᠠᠭᠠᠨ ᠤ ᠪᠠᠭᠠᠵᠢ ︔
︵ᠲᠠᠪᠤ ︶ ᠴᠢᠬᠤᠯᠠ ᠡᠳ᠋ ᠪᠣᠳᠠᠰ ᠤᠨ ᠬᠥᠮᠥᠷᠭᠡ ᠪᠠ ᠠᠮᠤ ᠪᠤᠳᠠᠭᠠᠨ ᠤ ᠰᠠᠩ ᠬᠦᠮᠣᠷᠭᠡ ︔
︵ ᠵᠢᠷᠭᠤᠭ᠎ᠠ ︶ ᠠᠶᠤᠯᠲᠠᠢ ᠪᠣᠳᠠᠰ ᠢ ᠰᠤᠳᠤᠯᠤᠨ ᠦᠢᠯᠡᠳᠬᠦ ᠂ ᠦᠢᠯᠡᠳᠪᠦᠷᠢᠯᠡᠬᠦ ᠂ ᠪᠣᠷᠣᠯᠠᠭᠤᠯᠬᠤ ᠂ ᠬᠠᠳᠠᠭᠠᠯᠠᠬᠤ ᠲᠠᠯᠠᠪᠤᠷ ᠭᠠᠵᠠᠷ ᠪᠤᠶᠤ ᠬᠠᠯᠳᠠᠪᠤᠷᠢᠲᠤ ᠴᠢᠨᠠᠷᠲᠠᠢ ᠪᠠᠺᠲ᠋ᠧᠷᠢ ᠶᠢᠨ ᠦᠷ᠎ᠡ ᠂ ᠬᠤᠣᠷᠲᠤ ᠦᠷ᠎ᠡ ᠶᠢ ᠲᠤᠷᠰᠢᠬᠤ ᠂ ᠬᠠᠮᠠᠭᠠᠯᠠᠨ ᠬᠠᠳᠠᠭᠠᠯᠠᠬᠤ ᠨᠢᠭᠡᠴᠢ ᠶᠢᠨ ᠴᠢᠬᠤᠯᠠ ᠣᠷᠣᠨ ᠪᠠᠶᠢᠷᠢ ︔
︵ ᠲᠤᠯᠤᠭ᠎ᠠ ︶ ᠲᠣᠮᠣ ᠬᠡᠯᠪᠡᠷᠢᠲᠦ ᠡᠨᠧᠷᠭᠢ ᠶᠢᠨ ᠬᠥᠳᠡᠯᠭᠡᠭᠴᠢ ᠬᠦᠴᠦᠨ ᠤ ᠲᠥᠬᠦᠭᠡᠷᠦᠮᠵᠢ ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠠ ᠬᠤᠳᠠ ᠶᠢᠨ ᠤᠰᠤ ᠂ ᠴᠠᠬᠢᠯᠭᠠᠨ ᠂ ᠰᠢᠲᠠᠭᠠᠯᠭ᠎ᠠ ᠶᠢᠨ ᠲᠣᠰᠣ ︵ᠰᠢᠲᠠᠮᠠᠬᠠᠢ ᠬᠡᠢ ︶᠂ ᠢᠯᠴᠢ ᠶᠢᠨ ᠬᠦᠴᠦᠨ ᠤ ᠬᠠᠩᠭᠠᠯᠭ᠎ᠠ ᠶᠢᠨ ᠲᠥᠬᠦᠭᠡᠷᠦᠮᠵᠢ ︔
︵ᠨᠠᠢᠮᠠ ︶ ᠠᠶᠠᠨᠴᠢᠳ ᠤᠨ ᠪᠠᠭᠤᠳᠠᠯ ᠂ ᠬᠤᠳᠠᠯᠳᠤᠭᠠᠨ ᠤ ᠲᠠᠯᠠᠪᠤᠷ ᠂ ᠵᠢᠭᠤᠯᠴᠢᠯᠠᠯ ᠤᠨ ᠦᠵᠡᠮᠵᠢᠲᠦ ᠣᠷᠣᠨ ᠂ ᠰᠣᠶᠣᠯ ᠴᠡᠩᠭᠡᠯ ᠤᠨ ᠲᠠᠯᠠᠪᠤᠷ ᠤᠨ ᠣᠷᠣᠵᠤ ᠭᠠᠷᠬᠤ ᠭᠤᠣᠯ ᠡᠭᠦᠳᠡ ᠪᠠ ᠨᠡᠪᠲᠡᠷᠡᠯ ᠵᠠᠮ ︔
︵ ᠶᠢᠰᠦ ︶ ᠮᠦᠽᠧᠢ ᠂ ᠲᠡᠩᠰᠠ ᠡᠪᠬᠡᠮᠡᠯ ᠤᠨ ᠣᠷᠳᠣᠨ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠵᠢᠴᠢ ᠴᠢᠬᠤᠯᠠ ᠡᠳ᠋ ᠪᠣᠳᠠᠰ ᠢ ᠬᠠᠳᠠᠭᠠᠯᠠᠵᠤ ᠪᠠᠶᠢᠭ᠎ᠠ ᠳᠤᠷᠠᠰᠬᠠᠯ ᠤᠨ ᠣᠷᠳᠣᠨ ᠪᠠ ᠦᠵᠡᠰᠬᠦᠯᠡᠩ ᠤᠨ ᠣᠷᠳᠣᠨ ᠵᠡᠷᠭᠡ ᠲᠠᠯᠠᠪᠤᠷ ᠭᠠᠵᠠᠷ ︔
︵ᠠᠷᠪᠠ ︶ ᠰᠤᠷᠭᠠᠭᠤᠯᠢ ᠂ ᠬᠡᠦᠬᠡᠳ ᠤᠨ ᠴᠡᠴᠡᠷᠯᠢᠭ ᠂ ᠡᠮᠨᠡᠯᠭᠡ ᠶᠢᠨ ᠬᠤᠷᠢᠶ᠎ᠠ ᠂ ᠨᠠᠰᠤᠲᠠᠳ ᠢ ᠠᠰᠠᠷᠠᠬᠤ ᠪᠠᠶᠢᠭᠤᠯᠤᠮᠵᠢ ᠵᠢᠴᠢ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠤᠰᠤᠳ ᠪᠠᠶᠢᠭᠤᠯᠤᠮᠵᠢ ᠂ ᠴᠡᠴᠡᠷᠯᠢᠭ ᠂ ᠬᠤᠳᠠ ᠶᠢᠨ ᠠᠭᠤᠳᠠᠮ ᠲᠠᠯᠠᠪᠠᠢ ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠂ ᠭᠠᠵᠠᠷ ᠳᠣᠣᠷᠠᠬᠢ ᠶᠠᠪᠠᠭᠠᠨ ᠵᠠᠮ ᠵᠡᠷᠭᠡ ᠬᠥᠮᠥᠨ ᠤᠯᠠᠨ ᠲᠠᠯᠠᠪᠤᠷ ᠭᠠᠵᠠᠷ ︔
︵ᠠᠷᠪᠠᠨ ᠨᠢᠭᠡ ︶ ᠲᠥᠷᠦ ᠶᠢᠨ ᠪᠠᠶᠢᠭᠤᠯᠭ᠎ᠠ ᠂ ᠠᠷᠠᠳ ᠤᠨ ᠪᠦᠯᠬᠦᠮ ᠂ ᠠᠵᠢᠯ ᠦᠢᠯᠡᠰ ᠤᠨ ᠨᠢᠭᠡᠴᠢ ᠂ ᠲᠣᠮᠣ ᠬᠡᠯᠪᠡᠷᠢ ᠶᠢᠨ ᠠᠵᠤ ᠠᠬᠤᠶᠢᠯᠠᠯ ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠤᠯᠡᠠ ᠨᠡᠶᠢᠲᠡ ᠶᠢᠨ ᠣᠷᠣᠨ ᠪᠦᠰᠡ ᠪᠠ ᠴᠢᠬᠤᠯᠠ ᠣᠷᠣᠨ ᠪᠠᠶᠢᠷᠢ︔
︵ᠠᠷᠪᠠᠨ ᠬᠤᠶᠠᠷ ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠠᠮᠤᠷ ᠢ ᠬᠠᠮᠠᠭᠠᠯᠠᠬᠤ ᠭᠤᠣᠯᠳᠠᠯᠭ᠎ᠠ ᠪᠣᠯᠬᠤ ᠨᠢᠭᠡᠴᠢ ᠨᠦᠭᠦᠳ ᠤᠨ ᠪᠤᠰᠤᠳ ᠬᠠᠮᠢᠶ᠎ᠠ ᠪᠦᠬᠦᠢ ᠲᠠᠯᠠᠪᠤᠷ ᠭᠠᠵᠠᠷ ᠪᠤᠶᠤ ᠣᠷᠣᠨ ᠪᠠᠶᠢᠷᠢ ︔
︵ ᠠᠷᠪᠠᠨ ᠭᠤᠷᠪᠠ ︶ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠣᠭᠲᠠᠭᠠᠯ ᠳᠦᠷᠢᠮ ᠳᠤ ᠲᠣᠭᠲᠠᠭᠠᠭᠰᠠᠨ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠴᠢᠬᠤᠯᠠᠲᠠᠢ ᠪᠤᠰᠤᠳ ᠲᠠᠯᠠᠪᠤᠷ ᠭᠠᠵᠠᠷ ᠪᠤᠶᠤ ᠣᠷᠣᠨ ᠪᠠᠶᠢᠷᠢ ᠃︾ ᠭᠡᠵᠦ ᠵᠠᠰᠠᠪᠤᠷᠢ ᠣᠷᠣᠭᠤᠯᠪᠠ ᠃
ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ ᠃
ᠠᠷᠪᠠᠨ ᠨᠠᠢᠮᠠᠳᠤᠭᠠᠷ ᠵᠦᠢᠯ ᠳᠤ ᠄ ︽ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠬᠦ ᠨᠢᠭᠡᠴᠢ ᠨᠢ ᠳᠠᠷᠠᠭᠠᠬᠢ ᠠᠷᠭ᠎ᠠ ᠬᠡᠮᠵᠢᠶ᠎ᠡ ᠨᠦᠭᠦᠳ ᠢ ᠠᠪᠴᠤ ᠂ ᠰᠢᠰᠲ᠋ᠧᠮ ᠤᠨ ᠠᠶᠤᠯ ᠦᠭᠡᠢ ᠪᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠄
︵ ᠨᠢᠭᠡ ︶ ᠵᠢᠵᠢᠭᠦᠷᠯᠡᠬᠦ ᠂ ᠡᠳᠦᠷ ᠲᠤᠳᠤᠮ ᠤᠨ ᠪᠠᠶᠢᠴᠠᠭᠠᠯᠲᠠ ᠬᠢᠬᠦ ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠵᠤ ᠬᠠᠮᠠᠭᠠᠯᠠᠬᠤ ᠂ ᠵᠢᠷᠤᠭ ᠳᠦᠷᠰᠦᠲᠦ ᠮᠡᠳᠡᠭᠡ ᠵᠠᠩᠭᠢ ᠶᠢ ᠬᠡᠷᠡᠭᠯᠡᠬᠦ ᠶᠢ ᠪᠦᠷᠢᠳᠬᠡᠨ ᠳᠠᠩᠰᠠᠯᠠᠬᠤ ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠵᠡᠷᠭᠡ ᠳᠦᠷᠢᠮ ᠢ ᠪᠠᠶᠢᠭᠤᠯᠬᠤ ᠬᠡᠷᠡᠭᠲᠡᠶ ︔
︵ ᠬᠤᠶᠠᠷ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠠᠷᠠᠴᠢᠯᠠᠵᠤ ᠬᠠᠮᠠᠭᠠᠯᠠᠬᠤ ᠪᠠ ᠠᠵᠢᠯᠯᠠᠭᠴᠢ ᠠᠵᠢᠯᠲᠠᠨ ᠲᠤᠰᠬᠠᠢ ᠮᠡᠷᠭᠡᠵᠢᠯ ᠤᠨ ᠪᠣᠯᠪᠠᠰᠤᠷᠠᠯ ᠭᠥᠷᠳᠡᠭᠰᠡᠨ ᠪᠠᠶᠢᠬᠤ ᠬᠡᠷᠡᠭᠲᠡᠶ ︔
︵ ᠭᠤᠷᠪᠠ ︶ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠲᠣᠭᠲᠠᠭᠠᠵᠤ ᠂ ᠰᠣᠷᠢᠯᠲᠠ ᠬᠢᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠢ ︔
︵ ᠳᠥᠷᠪᠡ ︶ ᠰᠢᠰᠲ᠋ᠧᠮ ᠳᠤ ᠵᠢᠷᠤᠭ ᠳᠦᠷᠰᠦ ᠬᠠᠳᠠᠭᠠᠯᠠᠬᠤ ᠴᠠᠭ ᠪᠠ ᠶᠠᠰᠤ ᠴᠢᠨᠠᠷ ᠨᠢ ᠬᠠᠮᠢᠶ᠎ᠠ ᠪᠦᠬᠦᠢ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠂ ᠠᠩᠬᠠᠨ ᠤ ᠵᠢᠷᠤᠭ ᠳᠦᠷᠰᠦᠲᠦ ᠮᠡᠳᠡᠭᠡ ᠵᠠᠩᠭᠢ ᠶᠢ ᠬᠠᠳᠠᠭᠠᠯᠠᠬᠤ ᠴᠠᠭ ᠨᠢ ᠭᠤᠴᠢᠨ ᠡᠳᠦᠷ ᠠᠴᠠ ᠳᠡᠭᠡᠭᠰᠢ ᠪᠠᠶᠢᠬᠤ ᠬᠡᠷᠡᠭᠲᠡᠢ ᠃ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠪᠤᠶᠤ ᠤᠯᠤᠰ ᠠᠴᠠ ᠠᠰᠲᠠᠭᠠᠨ ᠲᠣᠭᠲᠠᠭᠠᠯ ᠪᠠᠶᠢᠪᠠᠯ ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ ︔
︵ ᠲᠠᠪᠤ ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢᠶᠠᠨ ᠪᠤᠰᠤᠳ ᠨᠢᠭᠡᠴᠢ ᠳᠤ ᠨᠠᠶᠢᠳᠠᠨ ᠠᠵᠢᠯᠯᠠᠭᠤᠯᠬᠤ ᠂ ᠠᠷᠠᠴᠢᠯᠠᠵᠤ ᠬᠠᠮᠠᠭᠠᠯᠠᠭᠤᠯᠬᠤ ᠳᠤ ᠂ ᠬᠤᠶᠠᠷ ᠲᠠᠯ᠎ᠠ ᠪᠠᠷ ᠢᠶᠠᠨ ᠰᠢᠰᠲ᠋ᠧᠮ ᠢ ᠠᠮᠤᠷ ᠲᠦᠪᠰᠢᠨ ᠢᠶᠠᠷ ᠠᠵᠢᠯᠯᠠᠭᠤᠯᠬᠤ ᠶᠢ ᠪᠠᠲᠤᠯᠠᠬᠤ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ ᠃︾ ᠭᠡᠵᠦ ᠵᠠᠰᠠᠪᠤᠷᠢ ᠣᠷᠣᠭᠤᠯᠪᠠ ᠃
ᠠᠷᠪᠠ ᠶᠢᠰᠦᠳᠦᠭᠡᠷ ᠵᠦᠢᠯ ᠳᠤ ᠄ ︽ ᠶᠠᠮᠠᠷᠪᠠ ᠨᠢᠭᠡᠴᠢ ᠪᠠ ᠬᠤᠪᠢ ᠬᠥᠮᠥᠨ ᠳᠤ ᠳᠠᠷᠠᠭᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ ᠄
︵ᠨᠢᠭᠡ ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠪᠡᠯᠡᠳᠬᠡᠮᠵᠢ ᠂ ᠲᠥᠬᠦᠭᠡᠷᠦᠮᠵᠢ ᠶᠢ ᠬᠠᠤᠯᠢ ᠶᠣᠰᠣᠭᠠᠷ ᠠᠰᠢᠭᠯᠠᠬᠤ ᠵᠢᠴᠢ ᠵᠢᠷᠤᠭ ᠳᠦᠷᠰᠦᠲᠦ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢ ᠲᠡᠪᠴᠢᠭᠰᠡᠨ ᠂ ᠬᠠᠷᠰᠢᠯᠠᠭᠰᠠᠨ ︔
︵ᠬᠤᠶᠠᠷ ︶ ᠬᠠᠳᠠᠭᠠᠯᠠᠯᠲᠠ ᠶᠢᠨ ᠬᠤᠭᠤᠴᠠᠭᠠᠨ ᠳᠠᠬᠢ ᠵᠢᠷᠤᠭ ᠳᠦᠷᠰᠦᠲᠦ ᠮᠡᠳᠡᠭᠡ ᠵᠠᠩᠭᠢ ᠶᠢᠨ ᠠᠩᠬᠠᠨ ᠤ ᠲᠡᠮᠳᠡᠭᠯᠡᠯ ᠢ ᠳᠤᠷ᠎ᠠ ᠪᠠᠷ ᠢᠶᠠᠨ ᠬᠠᠰᠤᠵᠤ ᠥᠭᠡᠷᠡᠴᠢᠯᠡᠭᠰᠡᠨ ᠂ ᠵᠣᠷᠢᠭᠤᠳᠠ ᠨᠢᠭᠤᠭᠰᠠᠨ ᠂ ᠡᠪᠳᠡᠯᠡᠵᠦ ᠬᠠᠶᠠᠭᠰᠠᠨ ︔
︵ᠭᠤᠷᠪᠠ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠤ ᠵᠢᠷᠤᠮ ᠪᠠ ᠲᠡᠮᠳᠡᠭᠯᠡᠯ ᠢ ᠡᠪᠳᠡᠭᠰᠡᠨ ︔
︵ᠳᠥᠷᠪᠡ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠨᠢᠭᠤᠴᠠ ᠶᠢ ᠵᠠᠳᠠᠷᠠᠭᠤᠯᠤᠭᠰᠠᠨ ︔
︵ᠲᠠᠪᠤ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠮᠠᠲ᠋ᠧᠷᠢᠶᠠᠯ ᠤᠳ ᠢ ᠬᠠᠤᠯᠢ ᠪᠤᠰᠤ ᠪᠠᠷ ᠬᠠᠩᠭᠠᠭᠰᠠᠨ ᠂ ᠬᠡᠷᠡᠭᠯᠡᠭᠰᠡᠨ ᠂ ᠳᠠᠮᠵᠢᠭᠤᠯᠤᠭᠰᠠᠨ ᠂ ᠪᠠᠭᠤᠯᠭᠠᠭᠰᠠᠨ ︔
︵ᠵᠢᠷᠭᠤᠭ᠎ᠠ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠴᠡᠭᠡ ᠂ ᠡᠷᠬᠡ ᠶᠢᠨ ᠬᠢᠵᠠᠭᠠᠷ ᠪᠠ ᠬᠡᠪᠴᠢᠶ᠎ᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ︔
︵ᠳᠣᠯᠤᠭ᠎ᠠ ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠡᠪ ᠤᠨ ᠠᠵᠢᠯᠯᠠᠭᠠᠨ ᠢ ᠨᠥᠯᠥᠭᠡᠯᠡᠬᠦ ᠪᠤᠰᠤᠳ ᠦᠢᠯᠡ ᠠᠵᠢᠯᠯᠠᠭ᠎ᠠ ᠨᠤᠭᠤᠳ ᠃︾ ᠭᠡᠵᠦ ᠵᠠᠰᠠᠪᠤᠷᠢ ᠣᠷᠣᠭᠤᠯᠪᠠ ᠃
︽ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ ᠪᠣᠳᠠᠲᠠᠢ ᠲᠣᠭᠲᠠᠭᠠᠯ ᠤᠳ ᠢ ᠨᠢᠭᠡᠨᠲᠡ ᠲᠣᠭᠲᠠᠭᠠᠭᠰᠠᠨ ᠪᠠᠶᠢᠪᠠᠯ ᠂ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ ᠃︾ ᠭᠡᠬᠦ ᠵᠦᠢᠯ ᠢ ᠰᠢᠨ᠎ᠡ ᠪᠠᠷ ᠨᠡᠮᠡᠵᠦ ᠬᠤᠷᠢᠨ ᠨᠢᠭᠡᠳᠦᠭᠡᠷ ᠵᠦᠢᠯ ᠪᠣᠯᠭᠠᠪᠠ ᠃
ᠬᠤᠷᠢᠨ ᠨᠢᠭᠡᠳᠦᠭᠡᠷ ᠵᠦᠢᠯ ᠢ ᠬᠤᠷᠢᠨ ᠬᠤᠶᠠᠳᠤᠭᠠᠷ ᠵᠦᠢᠯ ᠪᠣᠯᠭᠠᠵᠤ ᠄ ︽ᠲᠤᠰ ᠠᠷᠭ᠎ᠠ ᠶᠢᠨ ᠳᠣᠯᠣᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ ᠂ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠴᠢᠬᠤᠯᠠᠲᠠᠢ ᠪᠠᠶᠢᠬᠤ ᠳᠤ ᠤᠭᠰᠠᠷᠠᠭᠰᠠᠨ ᠦᠭᠡᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠬᠤ ᠪᠠᠷ ᠵᠠᠷᠯᠢᠭᠳᠠᠨ᠎ᠠ ︔ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ ᠂ ᠪᠠᠶᠢᠭᠤᠯᠭ᠎ᠠ ᠶᠢ ᠨᠢ 5000 ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠨ᠎ᠠ ︔ ᠬᠦᠨᠳᠦ ᠨᠣᠴᠢᠲᠠᠢ ᠦᠷ᠎ᠡ ᠨᠥᠯᠥᠭᠡ ᠭᠠᠷᠭᠠᠭᠰᠠᠨ ᠪᠠᠶᠢᠪᠠᠯ ᠂ ᠪᠠᠶᠢᠭᠤᠯᠭ᠎ᠠ ᠶᠢ ᠨᠢ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠵᠤ ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠯ ᠥᠭᠭᠦᠨ᠎ᠡ ︾ ᠭᠡᠵᠦ ᠵᠠᠰᠠᠪᠤᠷᠢ ᠣᠷᠣᠭᠤᠯᠪᠠ ᠃
ᠬᠤᠷᠢᠨ ᠬᠤᠶᠠᠳᠤᠭᠠᠷ ᠵᠦᠢᠯ ᠢ ᠬᠠᠰᠤᠪᠠ ᠃
ᠬᠤᠷᠢᠨ ᠳᠥᠷᠪᠡᠳᠦᠭᠡᠷ ᠵᠦᠢᠯ ᠳᠤ ᠄ ︽ᠲᠤᠰ ᠠᠷᠭ᠎ᠠ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ ᠂ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠨᠢᠭᠡᠴᠢ ᠠᠴᠠ ᠪᠠᠶᠢᠭᠤᠯᠭ᠎ᠠ ᠶᠢ ᠨᠢ 5000 ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠵᠤ ᠂ ᠬᠤᠪᠢ ᠬᠥᠮᠥᠨ ᠢ ᠨᠢ ᠮᠢᠩᠭᠠᠨ ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠨ᠎ᠠ ︔ ᠶᠠᠯ᠎ᠠ ᠳᠤ ᠬᠦᠷᠦᠭᠰᠡᠨ ᠪᠠᠶᠢᠪᠠᠯ ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ ᠄
︵ᠨᠢᠭᠡ ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠲᠥᠬᠦᠭᠡᠷᠦᠮᠵᠢ ᠂ ᠪᠡᠯᠡᠳᠬᠡᠮᠵᠢ ᠶᠢ ᠬᠠᠤᠯᠢ ᠶᠣᠰᠣᠭᠠᠷ ᠬᠡᠷᠡᠭᠯᠡᠬᠦ ᠵᠢᠴᠢ ᠵᠢᠷᠤᠭ ᠳᠦᠷᠰᠦᠲᠦ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢ ᠲᠡᠪᠴᠢᠭᠰᠡᠨ ᠂ ᠬᠠᠷᠰᠢᠯᠠᠭᠰᠠᠨ ︔
︵ᠬᠤᠶᠠᠷ ︶ ᠬᠠᠳᠠᠭᠠᠯᠠᠯᠲᠠ ᠶᠢᠨ ᠬᠤᠭᠤᠴᠠᠭᠠᠨ ᠳᠠᠬᠢ ᠵᠢᠷᠤᠭ ᠳᠦᠷᠰᠦᠲᠦ ᠮᠡᠳᠡᠭᠡ ᠵᠠᠩᠭᠢ ᠶᠢᠨ ᠠᠩᠬᠠᠨ ᠤ ᠲᠡᠮᠳᠡᠭᠯᠡᠯ ᠢ ᠳᠤᠷ᠎ᠠ ᠪᠠᠷ ᠢᠶᠠᠨ ᠬᠠᠰᠤᠵᠤ ᠥᠭᠡᠷᠡᠴᠢᠯᠡᠭᠰᠡᠨ ᠂ ᠵᠣᠷᠢᠭᠤᠳᠠ ᠨᠢᠭᠤᠭᠰᠠᠨ ᠂ ᠡᠪᠳᠡᠯᠡᠵᠦ ᠬᠠᠶᠠᠭᠰᠠᠨ ︔
︵ᠭᠤᠷᠪᠠ ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠮᠠᠲ᠋ᠧᠷᠢᠶᠠᠯ ᠤᠳ ᠢ ᠬᠠᠤᠯᠢ ᠪᠤᠰᠤ ᠪᠠᠷ ᠬᠠᠩᠭᠠᠭᠰᠠᠨ ᠂ ᠬᠡᠷᠡᠭᠯᠡᠭᠰᠡᠨ ᠂ ᠳᠠᠮᠵᠢᠭᠤᠯᠤᠭᠰᠠᠨ ᠂ ᠪᠠᠭᠤᠯᠭᠠᠭᠰᠠᠨ ︔
︵ᠳᠥᠷᠪᠡ ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠴᠡᠭᠡ ᠂ ᠡᠷᠬᠡ ᠶᠢᠨ ᠬᠢᠵᠠᠭᠠᠷ ᠪᠠ ᠬᠡᠪᠴᠢᠶ᠎ᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠃︾ ᠭᠡᠵᠦ ᠵᠠᠰᠠᠪᠤᠷᠢ ᠣᠷᠣᠭᠤᠯᠪᠠ ᠃
ᠬᠤᠷᠢᠨ ᠲᠠᠪᠤᠳᠤᠭᠠᠷ ᠵᠦᠢᠯ ᠢ ᠬᠠᠰᠤᠪᠠ ᠃
ᠬᠤᠷᠢᠨ ᠵᠢᠷᠭᠤᠳᠤᠭᠠᠷ ᠵᠦᠢᠯ ᠢ ᠬᠤᠷᠢᠨ ᠲᠠᠪᠤᠳᠤᠭᠠᠷ ᠵᠦᠢᠯ ᠪᠣᠯᠭᠠᠨ ᠬᠤᠪᠢᠷᠠᠭᠤᠯᠵᠤ ᠄ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠂ ᠡᠰᠡᠬᠦᠯ᠎ᠡ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠂ ᠡᠭᠦᠷᠭᠡ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠬᠦᠨ᠎ᠡ ︔ ᠶᠠᠯ᠎ᠠ ᠳᠤ ᠬᠦᠷᠦᠭᠰᠡᠨ ᠪᠠᠶᠢᠪᠠᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃︾ ᠭᠡᠵᠦ ᠵᠠᠰᠠᠪᠤᠷᠢ ᠣᠷᠣᠭᠤᠯᠪᠠ ᠃
︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︾ ᠶᠢ ᠴᠥᠮ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︾ ᠭᠡᠵᠦ ᠵᠠᠰᠠᠪᠤᠷᠢ ᠣᠷᠣᠭᠤᠯᠪᠠ ᠃
ᠭᠤᠷᠪᠠ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ ︾ ᠶᠢᠨ ᠭᠤᠷᠪᠠᠳᠤᠭᠠᠷ ᠵᠦᠢᠯ ᠳᠤ ᠄ ︽ᠷᠠᠳᠢᠣ᠋ ᠲᠧᠯᠸᠢᠰ ᠤᠨ ᠠᠵᠢᠯ ᠦᠢᠯᠡᠰ ᠨᠢ ᠠᠷᠠᠳ ᠲᠦᠮᠡᠨ ᠳᠤ ᠦᠢᠯᠡᠴᠢᠯᠡᠬᠦ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠳᠤ ᠦᠢᠯᠡᠴᠢᠯᠡᠬᠦ ᠶᠢ ᠪᠠᠷᠢᠮᠲᠠᠯᠠᠨ ᠂ ᠵᠥᠪ ᠣᠨᠣᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠶᠢ ᠪᠠᠷᠢᠮᠲᠠᠯᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠳᠤᠪᠤᠶᠢᠯᠭᠠᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠦᠨᠳᠦᠰᠦᠨ ᠵᠠᠷᠴᠢᠮ ᠢ ᠪᠠᠷᠢᠮᠲᠠᠯᠠᠬᠤ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ ᠃
ᠲᠠᠪᠤᠳᠤᠭᠠᠷ ᠵᠦᠢᠯ ᠳᠤ ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠰᠡᠳᠦᠪᠲᠦ ᠷᠠᠳᠢᠣ᠋ ᠲᠧᠯᠸᠢᠰ ᠤᠨ ᠫᠷᠣᠭ᠍ᠷᠠᠮ ᠤᠳ ᠢ ᠪᠦᠲᠦᠭᠡᠨ ᠦᠢᠯᠡᠳᠪᠦᠷᠢᠯᠡᠬᠦ ᠶᠢ ᠵᠣᠷᠢᠭᠵᠢᠭᠤᠯᠤᠨ ᠲᠡᠳᠬᠦᠵᠦ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠮᠡᠳᠡᠭᠡᠯᠡᠯ ᠤᠨ ᠠᠵᠢᠯᠯᠠᠭ᠎ᠠ ᠶᠢ ᠤᠯᠠᠨ ᠵᠠᠮ ᠮᠥᠷ ᠂ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ ᠃
ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠲᠤ ᠄ ︽ᠷᠠᠳᠢᠣ᠋ ᠲᠧᠯᠸᠢᠰ ᠤᠨ ᠦᠷᠳᠡᠭᠡ ᠪᠠᠶᠢᠭᠤᠯᠬᠤ ᠳᠤ ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠬᠠᠷᠭᠤᠭᠤᠯᠵᠤ ᠂ ᠬᠠᠤᠯᠢ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ ᠃
ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ ᠃
ᠬᠤᠷᠢᠳᠤᠭᠠᠷ ᠵᠦᠢᠯ ᠳᠤ ᠄ ︽ᠷᠠᠳᠢᠣ᠋ ᠲᠧᠯᠸᠢᠰ ᠬᠤᠷᠢᠶ᠎ᠠ ᠨᠢ ᠥᠪᠡᠷᠰᠡᠳ ᠢᠶᠠᠨ ᠡᠷᠬᠢᠯᠡᠭᠰᠡᠨ ᠫᠷᠣᠭ᠍ᠷᠠᠮ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠰᠡᠳᠦᠪᠲᠦ ᠫᠷᠣᠭ᠍ᠷᠠᠮ ᠢ ᠨᠡᠮᠡᠭᠳᠡᠭᠦᠯᠬᠦ ᠬᠡᠷᠡᠭᠲᠡᠢ ︾ ᠭᠡᠵᠦ ᠵᠠᠰᠪᠣᠷᠢ ᠣᠷᠣᠭᠤᠯᠪᠠ ᠃
ᠳᠥᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ ᠄ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠬᠦ ᠳᠤ ᠪᠠᠨ ᠠᠯᠢ ᠴᠢᠳᠠᠬᠤ ᠪᠠᠷ ᠷᠠᠳᠢᠣ᠋ ᠲᠧᠯᠸᠢᠰ ᠤᠨ ᠪᠡᠯᠡᠳᠬᠡᠮᠵᠢ ᠠᠴᠠ ᠵᠠᠶᠢᠯᠠᠰᠬᠢᠬᠦ ᠬᠡᠷᠡᠭᠲᠡᠢ ᠃ ᠦᠨᠡᠨ ᠬᠦ ᠵᠠᠶᠢᠯᠠᠰᠬᠢᠬᠦ ᠶᠢᠨ ᠠᠷᠭ᠎ᠠ ᠦᠭᠡᠢ ᠠᠴᠠ ᠪᠣᠯᠵᠤ ᠷᠠᠳᠢᠣ᠋ ᠲᠧᠯᠸᠢᠰ ᠤᠨ ᠪᠡᠯᠡᠳᠬᠡᠮᠵᠢ ᠶᠢ ᠰᠢᠯᠵᠢᠭᠦᠯᠬᠦ ᠴᠢᠬᠤᠯᠠᠲᠠᠢ ᠪᠠᠶᠢᠪᠠᠯ ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠠᠴᠠ ᠪᠠᠨ ᠡᠮᠦᠨ᠎ᠡ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠪᠠᠶᠢᠵᠤ ᠂ ᠨᠡᠭᠦᠯᠭᠡᠨ ᠪᠠᠶᠢᠭᠤᠯᠬᠤ ᠳᠤ ᠬᠡᠷᠡᠭᠰᠡᠬᠦ ᠵᠠᠷᠤᠳᠠᠯ ᠢ ᠷᠠᠳᠢᠣ᠋ ᠲᠧᠯᠸᠢᠰ ᠤᠨ ᠪᠡᠯᠡᠳᠬᠡᠮᠵᠢ ᠶᠢ ᠨᠡᠭᠦᠯᠭᠡᠨ ᠪᠠᠶᠢᠭᠤᠯᠬᠤ ᠪᠣᠯᠭᠠᠭᠰᠠᠨ ᠨᠢᠭᠡᠴᠢ ᠠᠴᠠ ᠳᠠᠭᠠᠭᠠᠨ ᠡᠭᠦᠷᠭᠡᠯᠡᠬᠦ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ ᠃
ᠳᠥᠴᠢᠨ ᠳᠣᠯᠣᠳᠤᠭᠠᠷ ᠵᠦᠢᠯ ᠢ ᠬᠠᠰᠤᠪᠠ ᠃
ᠳᠠᠭᠠᠯᠳᠤᠭᠤᠯᠤᠯ 2
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ
ᠨᠢᠭᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠯᠭᠠᠨ ᠦᠨᠡᠯᠡᠭᠦ ᠠᠷᠭ᠎ᠠ ︾ ︵2017 ᠣᠨ ᠤ 2 ᠳ᠋ᠤᠭᠠᠷ ᠰᠠᠷ᠎ᠠ ᠶᠢᠨ 17 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 223 ᠳ᠋ᠤᠭᠠᠷ ᠲᠣᠭᠠᠲᠤ ᠪᠠᠷ ᠨᠡᠶᠢᠲᠡᠯᠡᠪᠡ ︶
ᠬᠤᠶᠠᠷ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ︵2016 ︱ 2020 ᠣᠨ ︶︾ ︵ 2017 ᠣᠨ ᠤ 4 ᠳ᠋ᠦ᠋ᠭᠡᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 225 ᠳ᠋ᠤᠭᠠᠷ ᠲᠣᠭᠠᠲᠤ ᠪᠠᠷ ᠨᠡᠶᠢᠲᠡᠯᠡᠪᠡ ︶
ᠬᠤᠪᠢᠳᠠᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠂ ᠳᠡᠳ᠋ ᠨᠠᠷᠢᠨ ᠪᠢᠴᠢᠭ ᠤᠨ ᠳᠠᠷᠤᠭ᠎ᠠ ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ ᠂ ᠳᠡᠳ᠋ ᠡᠷᠬᠢᠯᠡᠭᠴᠢ ᠂ ᠡᠯ᠎ᠡ ᠠᠶᠢᠮᠠᠭ ᠤᠨ ᠵᠠᠬᠢᠷᠭ᠎ᠠ ᠂ ᠬᠤᠲᠡ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃
ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2022 ᠣᠨ ᠤ 10 ᠳ᠋ᠤᠭᠠᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ