ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ  ᠴᠢ᠊ ᠪᠠᠲᠤ ᠶᠠᠷᠢᠶ᠎ᠠ ᠲᠠᠯᠪᠢᠵᠤ  ᠪᠦᠦ ᠰᠢᠶᠠᠨ ᠬᠤᠸᠠ  ᠶᠠᠩ ᠵᠢᠶᠧ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/6/1

      5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠭᠤᠣᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠪᠠ᠃

      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠨᠡᠶᠢᠯᠡᠮᠡᠯ ᠤᠨ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠵᠤ ᠦᠢᠯᠡᠰ ᠪᠣᠰᠬᠠᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map