ᠪᠦᠬᠦ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ  ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ  ᠴᠧᠨ ᠯᠦ ᠱᠧᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/6/1

 

      5 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠺᠤᠮᠠᠨᠳ᠋ᠯᠠᠭᠴᠢ

ᠴᠧᠨ ᠯᠦ ᠱᠧᠩ ᠬᠤᠷᠠᠯ ᠳᠤ ᠣᠷᠣᠯᠴᠠᠵᠠᠢ᠃

      ᠬᠤᠷᠠᠯ ᠳᠡᠭᠡᠷ᠎ᠡ᠂ ᠣᠶᠢᠷ᠎ᠠ ᠶᠢᠨ ᠬᠡᠳᠦᠨ ᠵᠢᠯ ᠳᠤ ᠪᠦᠬᠦ ᠣᠷᠣᠨ ᠳᠤ ᠣᠨᠴᠠᠭᠠᠢ ᠠᠭᠤᠷ ᠠᠮᠢᠰᠬᠤᠯ ᠣᠯᠠᠨᠲᠠ ᠢᠯᠡᠷᠡᠵᠦ᠂ ᠪᠦᠬᠦ ᠵᠢᠯ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠶᠡᠷ ᠪᠠ ᠭᠠᠩ ᠬᠠᠭᠰᠠᠷᠠᠭᠠᠨ ᠤ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠲᠠᠢ ᠲᠡᠮᠡᠴᠡᠬᠦ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠦᠶᠡᠷ ᠠᠴᠠ ᠡᠮᠦᠨᠡᠬᠢ ᠪᠡᠯᠡᠳᠬᠡᠯ᠂ ᠳᠠᠯᠳᠠ ᠬᠡᠮ ᠢ ᠴᠡᠭᠴᠡᠯᠡᠨ ᠵᠠᠰᠠᠬᠤ᠂ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠠᠵᠢᠯ ᠤᠳ ᠢ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠨᠡ ᠬᠦ ᠬᠠᠲᠠᠭᠤ ᠪᠡᠷᠬᠡ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

 

 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map