ᠪᠦᠬᠦ ᠣᠷᠣᠨ ᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠠᠬᠢᠭᠤᠯᠬᠤ ᠬᠤᠷᠠᠯ ᠢ ᠤᠯᠠᠭᠠᠨᠴᠠᠪ ᠬᠤᠳᠠ ᠳᠤ ᠬᠤᠷᠠᠯᠳᠤᠭᠤᠯᠪᠠ  ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/6/1

      5 ᠳ᠋ᠤᠭᠠᠷ ᠰᠠᠷ᠎ᠠ ᠶᠢᠨ 27 ᠤ ᠡᠳᠦᠷ᠂ ᠪᠥᠬᠦ ᠣᠷᠣᠨ ᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠠᠬᠢᠭᠤᠯᠬᠤ ᠬᠤᠷᠠᠯ ᠢ ᠤᠯᠠᠭᠠᠨᠴᠠᠪ ᠬᠤᠲᠠ ᠳᠤ ᠬᠤᠷᠠᠯᠳᠤᠭᠤᠯᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠴᠢ᠊ ᠪᠠᠲᠤ᠂ ᠡᠯ᠎ᠡ ᠭᠠᠵᠠᠷ ᠤᠨ ᠬᠢᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠪᠠᠴᠢᠮᠳᠠᠭᠤ ᠲᠤᠯᠭᠠᠮᠳᠠᠭᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠡᠯᠡ ᠮᠥᠩᠭᠦ ᠣᠷᠣᠭᠤᠯᠬᠤ᠂ ᠴᠢᠳᠠᠪᠤᠷᠢᠲᠠᠨ ᠢᠶᠠᠷ ᠲᠤᠯᠭᠠᠭᠤᠷᠢᠯᠠᠭᠤᠯᠬᠤ᠂ ᠤᠬᠠᠭᠤᠯᠵᠤ ᠬᠥᠲᠥᠯᠥᠨ ᠵᠢᠯᠤᠭᠤᠳᠬᠤ ᠵᠡᠷᠭᠡ ᠠᠵᠢᠯ ᠤᠨ ᠲᠣᠭᠲᠠᠴᠠ ᠶᠢ ᠴᠢᠩᠭᠠᠷᠠᠭᠤᠯᠤᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ ᠪᠥᠭᠡᠳ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶ᠎ᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map