ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ ᠭᠠᠳᠠᠭᠤᠷ ︿ᠪᠥᠬᠦ ᠣᠷᠣᠨ ᠳᠤ ᠨᠡᠶᠢᠳᠡᠮ ᠭᠦᠢᠴᠡᠳᠬᠡᠬᠦ ﹀ ᠵᠦᠢᠯᠡᠰ ᠤᠨ ᠨᠠᠷᠢᠨ ᠬᠠᠭᠤᠳᠠᠰᠤ
︵156 ᠵᠦᠢᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 39 ᠳ᠋ᠦ᠋ᠭᠡᠷ ᠲᠣᠭᠠᠲᠤ᠂ ᠳᠣᠷᠣᠭᠰᠢ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠮᠡᠳᠡᠬᠦ ᠪᠠ ᠵᠥᠪ ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠲᠤᠰᠠᠳᠠ ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ ᠃
ᠨᠢᠭᠡ᠂ ᠨᠡᠶᠢᠲᠡᠯᠡᠭᠰᠡᠨ ᠠᠬᠤᠢ ᠪᠠᠶᠢᠳᠠᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠤᠰᠠᠳᠠ᠂ 2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ ᠶᠢ ᠦᠨᠳᠦᠰᠦᠯᠡᠵᠦ ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠠᠵᠢᠯ ᠲᠠᠢ ᠤᠶᠠᠯᠳᠤᠭᠤᠯᠤᠨ᠂ ᠲᠦᠷ ᠴᠠᠭ ᠤᠨ ᠪᠡᠶ᠎ᠡ ᠶᠢᠨ ᠦᠨᠡᠮᠯᠡᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠭᠤᠷᠢᠨ ᠳᠤ᠂ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠶᠢ ᠲᠣᠭᠲᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠵᠢᠯ ᠶᠠᠪᠤᠳᠠᠯ ᠭᠦᠢᠴᠡᠳᠬᠡᠬᠦ ᠬᠠᠷᠢᠶ᠎ᠠ ᠭᠠᠵᠠᠷ ᠤᠨ ᠬᠢᠵᠠᠭᠠᠷᠯᠠᠯ ᠢ ᠡᠪᠳᠡᠵᠦ ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠢᠯᠭᠠᠭ᠎ᠠ ᠵᠥᠷᠢᠶ᠎ᠡ ᠦᠭᠡᠢ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ᠃
ᠬᠤᠶᠠᠷ ᠂ ᠭᠤᠣᠯ ᠠᠭᠤᠯᠭ᠎ᠠ
︵ᠨᠢᠭᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠢ ᠲᠥᠷᠥᠯ ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ ᠃ ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ᠂ ᠡᠷᠦᠬᠡ ᠠᠮᠠ ᠰᠢᠯᠵᠢᠭᠦᠯᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ ᠬᠤᠯᠪᠣᠭᠳᠠᠭᠰᠠᠨ 24 ᠵᠦᠢᠯ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ ᠨᠠᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ ᠭᠦᠢᠴᠡᠳᠬᠡᠨ᠎ᠡ᠃ ᠪᠤᠰᠤᠳ 132 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ ᠬᠠᠪᠢ ᠳᠤ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠣᠩᠬᠤᠪᠴᠢ ᠶᠢ ᠰᠣᠩᠭᠤᠨ ᠭᠦᠢᠴᠡᠳᠬᠡᠵᠦ ᠪᠣᠯᠣᠨ᠎ᠠ᠃
︵ᠬᠤᠶᠠᠷ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠣᠩᠬᠤᠪᠴᠢ ᠶᠢᠨ ᠲᠤᠯᠭᠠᠭᠤᠷᠢᠯᠠᠯ ᠶᠢ ᠴᠢᠩᠭᠠᠳᠬᠠᠨ᠎ᠠ ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠦᠢᠯᠡᠴᠢᠯᠡᠭᠡᠨ ᠤ ᠲᠤᠰᠬᠠᠢ ᠴᠣᠩᠬᠤᠪᠴᠢ ᠲᠣᠬᠢᠷᠠᠭᠤᠯᠵᠤ ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠮᠠᠲ᠋ᠧᠷᠢᠶᠠᠯ ᠢ ᠣᠨᠳᠣᠣ ᠭᠠᠵᠠᠷ ᠲᠤ ᠣᠷᠣᠯᠠᠨ ᠬᠤᠷᠢᠶᠠᠵᠤ ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠦᠨ᠎ᠡ ᠃
︵ᠭᠤᠷᠪᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠢ ᠵᠣᠯᠭᠠᠭᠤᠯᠬᠤ ᠶᠢ ᠲᠦᠷᠭᠡᠳᠬᠡᠨ᠎ᠡ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠤᠨ ᠨᠡᠷᠡᠶᠢᠳᠦᠯ᠂ ᠭᠠᠷᠴᠠᠭ ᠳ᠋ᠤᠭᠠᠷᠯᠠᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢᠨ ᠡᠯᠧᠮᠧᠨ᠋ᠲ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠤᠨ ︽ᠵᠥᠷᠢᠶ᠎ᠡ ᠦᠭᠡᠢ︾ ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃
︵ᠳᠥᠷᠪᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠰᠢᠯᠵᠢᠭᠦᠯᠦᠨ ᠭᠦᠢᠴᠡᠳᠬᠡᠬᠦ ᠴᠠᠭ ᠤᠨ ᠬᠢᠵᠠᠭᠠᠷ ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢᠴᠡᠳᠬᠡᠬᠦ ᠭᠠᠵᠠᠷ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠣᠩᠬᠤᠪᠴᠢ ᠨᠢ ᠲᠣᠰ ᠲᠣᠰ 1 ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ ᠭᠦᠢᠴᠡᠳᠬᠡᠯᠭᠡᠵᠦ ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ ᠳᠠᠭᠤᠰᠬᠠᠬᠤ ᠶᠢᠨ ᠬᠠᠮᠲᠤ 1 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ ᠃ ᠴᠠᠭᠠᠰᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠴᠢᠬᠤᠯᠠ ᠲᠠᠢ ᠶᠢ ᠨᠢ 2 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃
︵ᠲᠠᠪᠤ︶ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠨᠡᠶᠢᠳᠡᠮ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠪᠠ ᠣᠨᠳᠣᠣ ᠭᠠᠵᠠᠷ ᠤᠨ ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠨ᠂ ᠨᠢᠭᠲᠠ ᠮᠥᠷᠲᠡᠭᠡᠨ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ᠃
︵ᠵᠢᠷᠭᠤᠭ᠎ᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠶᠢᠨ ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ ᠰᠢᠮᠳᠠᠭᠤᠯᠤᠨ ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃
ᠭᠤᠷᠪᠠ ᠂ ᠣᠨᠴᠠᠯᠢᠭ ᠪᠠ ᠭᠢᠯᠠᠰ ᠴᠡᠭ
︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠨᠢ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠂ ᠬᠠᠮᠤᠭ ᠤᠨ ᠰᠢᠭᠤᠳ ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ ᠪᠠᠷᠢᠮᠵᠢᠶ᠎ᠠ ᠶᠢ ᠵᠢᠷᠤᠮᠵᠢᠭᠤᠯᠤᠨ᠂ ᠲᠤᠯᠭᠠᠭᠤᠷᠢᠯᠠᠯ ᠢ ᠳᠡᠭᠡᠭᠰᠢᠯᠡᠭᠦᠯᠵᠦ᠂ ᠪᠥᠬᠦ ᠣᠷᠣᠨ ᠤ ᠪᠠᠷᠢᠮᠵᠢᠶ᠎ᠠ ᠶᠢ ᠨᠢᠭᠡᠳᠦᠭᠦᠯᠬᠦ ᠂ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ ᠬᠡᠷᠡᠭᠯᠡᠨ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠣᠴᠢᠬᠤ ︾ ︽ ᠨᠠᠭᠠᠰᠢ ᠴᠠᠭᠠᠰᠢ ᠭᠦᠶᠦᠬᠦ ︾ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ ᠥᠷᠲᠡᠭ ᠢ ᠠᠷᠪᠢᠯᠠᠪᠠ ᠃