|
ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠬᠤᠷᠠᠯ ᠪᠤᠭᠤᠲᠤ ᠳᠤ ᠬᠤᠷᠠᠯᠳᠤᠪᠠ ᠪᠠᠢ ᠴᠢᠩ | ᠶᠤᠸᠠᠨ ᠪᠠᠶᠠᠷ ᠤᠨ ᠦᠭᠡ ᠬᠡᠯᠡᠵᠡᠢ |
|
|
ᠨᠡᠶᠢᠲᠡᠯᠡᠭᠰᠡᠨ ᠴᠠᠭ᠄
2023/8/23
|
|
8 ᠰᠠᠷ᠎ᠠ ᠶᠢᠨ 16 ᠤ ᠦᠳᠡ ᠶᠢᠨ ᠬᠤᠶᠢᠨ᠎ᠠ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠬᠤᠷᠠᠯ ᠪᠤᠭᠤᠲᠤ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠪᠠᠢ ᠴᠢᠩ ᠶᠤᠸᠠᠨ᠂ ᠶᠡᠷᠦᠩᠬᠡᠢ ᠱᠦᠵᠢ ᠰᠢᠵᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠤ ᠬᠠᠷᠠᠯᠲᠠ ᠶᠢ ᠲᠦᠷᠭᠡᠳᠬᠡᠨ ᠪᠠᠶᠢᠭᠤᠯᠵᠤ ᠂ ᠪᠦᠭᠦ ᠬᠡᠯᠬᠢᠶ᠎ᠡ ᠪᠠᠷ ᠪᠠᠶᠢᠷᠢᠰᠢᠭᠤᠯᠬᠤ᠂ ᠪᠦᠯᠦᠭᠵᠢᠯ ᠤᠨ ᠭᠡᠯᠪᠡᠷᠢ ᠶᠢᠨ ᠬᠥᠭᠵᠢᠯᠲᠡ ᠶᠢ ᠪᠠᠷᠢᠮᠲᠠᠯᠠᠵᠤ᠂ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠢ ︽ᠳᠡᠯᠡᠬᠡᠢ ᠶᠢᠨ ᠲᠠᠰ ᠤᠨ ᠬᠠᠳᠠᠭᠠᠯᠠᠭᠳᠠᠴᠠ︾ ᠠᠴᠠ ︽ᠳᠡᠯᠡᠬᠡᠢ ᠶᠢᠨ ᠲᠠᠰ ᠤᠨ ᠠᠵᠤ ᠦᠢᠯᠡᠰ︾ ᠲᠡᠶᠢᠰᠢ ᠤᠷᠤᠭᠰᠢᠯᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠡᠩᠨᠡᠭᠡᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|