ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠸᠢᠳᠢᠤ᠋ ᠬᠤᠷᠠᠯ ᠬᠤᠷᠠᠯᠳᠤᠪᠠ  ᠵᠧᠩ ᠬᠤᠩ ᠹᠠᠨ ᠬᠤᠷᠠᠯ ᠳᠤ ᠣᠷᠣᠯᠴᠠᠵᠦ  ᠶᠠᠷᠢᠶ᠎ᠠ ᠲᠠᠯᠪᠢᠪᠠ  ᠶᠠᠩ ᠶᠢᠨ ᠬᠤᠷᠠᠯ ᠢ ᠡᠷᠭᠢᠯᠡᠭᠰᠡᠨ ᠪᠥᠭᠡᠳ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ
ᠨᠡᠶᠢᠲᠡᠯᠡᠭᠰᠡᠨ ᠴᠠᠭ᠄
2024/1/15

     1 ᠰᠠᠷ᠎ᠠ ᠶᠢᠨ 12 ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠸᠢᠳᠢᠤ᠋ ᠬᠤᠷᠠᠯ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠩ ᠬᠤᠩ ᠹᠠᠨ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠣᠶᠣᠯ ᠤᠨ ᠥᠪ ᠢ ᠬᠠᠮᠠᠭᠠᠯᠠᠬᠤ ᠪᠣᠯ ᠪᠠᠰᠠ ᠴᠤ ᠵᠠᠰᠠᠭ ᠤᠨ ᠠᠵᠢᠯ ᠤᠨ ᠪᠦᠲᠦᠮᠵᠢ ᠪᠤᠯᠬᠤ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠢ ᠪᠠᠲᠤ ᠴᠣᠭᠴᠠᠯᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠤᠯᠠᠮᠵᠢᠯᠠᠬᠤ ᠶᠢ ᠲᠡᠷᠢᠭᠦᠨ ᠳᠤ ᠲᠠᠯᠪᠢᠬᠤ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠭᠤᠷᠢ᠂ ᠡᠷᠲᠡᠨ ᠤ ᠪᠠᠷᠢᠯᠭ᠎ᠠ᠂ ᠨᠠᠷᠠᠲᠤ ᠬᠤᠲᠠ ᠨᠠᠷᠠᠲᠤ ᠪᠠᠯᠭᠠᠰᠤ᠂ ᠲᠡᠦᠬᠡ ᠶᠢᠨ ᠵᠡᠭᠡᠯᠢ ᠲᠣᠭᠤᠷᠢᠭ᠂ ᠤᠯᠠᠮᠵᠢᠯᠠᠯᠲᠤ ᠬᠥᠳᠡᠭᠡ ᠲᠣᠰᠬᠤᠨ᠂ ᠰᠣᠶᠣᠯ ᠤᠨ ᠦᠵᠡᠮᠵᠢ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠠᠬᠢᠭᠤᠯᠵᠤ᠂ ᠶᠡᠭᠡ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠤᠨ᠂ ᠲᠡᠦᠬᠡ ᠰᠣᠶᠣᠯ ᠪᠠ ᠣᠲᠣ ᠦᠶ᠎ᠡ ᠶᠢᠨ ᠠᠮᠢᠳᠤᠷᠠᠯ ᠢ ᠨᠢᠭᠡ ᠴᠣᠭᠴᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠶᠢᠨ ᠬᠤᠷᠠᠯ ᠢ ᠡᠷᠭᠢᠯᠡᠭᠰᠡᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map