ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ 2025 ᠣᠨ ᠳᠤ ᠥᠪᠥᠷ ᠮᠣᠩᠭᠤᠯ ᠤᠨ ᠵᠡᠭᠦᠨ ᠪᠠᠷᠠᠭᠤᠨ ᠬᠡᠰᠡᠭ ᠤᠨ ᠬᠤᠭᠤᠷᠣᠨᠳᠤ ᠬᠥᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠭᠦᠯᠬᠦ ᠪᠠᠷ ᠲᠥᠯᠥᠪᠯᠡᠵᠦ ᠪᠣᠶ᠂ ᠲᠤᠬᠠᠢ ᠶᠢᠨ ᠦᠶ᠎ᠡ ᠳᠤ ᠲᠦᠩᠯᠢᠶᠣᠣ ᠠᠴᠠ ᠬᠥᠬᠡᠬᠤᠲᠠ ᠬᠦᠷᠬᠦ ᠭᠠᠯᠲᠤ ᠲᠡᠷᠭᠡᠨ ᠤ ᠶᠠᠪᠤᠬᠤ ᠴᠠᠭ ᠢ ᠣᠲᠣ ᠶᠢᠨ 16.5 ᠴᠠᠭ ᠪᠠᠶᠢᠭᠰᠠᠨ ᠠᠴᠠ 10.5 ᠴᠠᠭ ᠪᠣᠯᠭᠠᠨ ᠪᠣᠭᠤᠨᠢᠰᠬᠠᠨ᠎ᠠ᠃
ᠥᠪᠥᠷ ᠮᠣᠩᠭᠤᠯ ᠤᠨ ᠭᠠᠵᠠᠷ ᠤᠨ ᠪᠠᠶᠢᠴᠠ ᠨᠢ ᠨᠠᠷᠢᠨ ᠣᠷᠳᠣ᠂ ᠵᠡᠭᠦᠨᠰᠢ ᠪᠠᠷᠠᠭᠤᠨᠰᠢ 2400 ᠺᠢᠯᠣᠮᠧᠳ᠋ᠷ ᠠᠯᠤᠰᠯᠠᠵᠤ᠂ ᠰᠢᠭᠤᠳ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠪᠠᠶᠢᠬᠤ ᠦᠭᠡᠢ᠃ 2020 ᠣᠨ ᠳᠤ᠂ ᠵᠢᠨᠢᠩ ᠠᠴᠠ ᠲᠦᠩᠯᠢᠶᠣᠣ ᠶᠢᠨ ᠬᠤᠭᠤᠷᠣᠨᠳᠣᠬᠢ ᠵᠢᠢ ᠲᠥᠩ ᠲᠡᠮᠦᠷ ᠵᠠᠮ ᠤᠨ ᠴᠠᠬᠢᠯᠭᠠᠨᠵᠢᠭᠤᠯᠤᠭᠰᠠᠨ ᠴᠢᠳᠠᠮᠵᠢ ᠥᠷᠭᠡᠳᠬᠡᠬᠦ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠭᠦᠯᠵᠦ᠂ ᠳᠤᠰ ᠲᠥᠰᠥᠯ ᠤᠨ ᠪᠦᠬᠦ ᠱᠤᠭᠤᠮ ᠨᠢ 900 ᠭᠠᠷᠤᠢ ᠺᠢᠯᠣᠮᠧᠳ᠋ᠷ᠂ ᠪᠠᠷᠢᠯᠭ᠎ᠠ ᠶᠢᠨ ᠬᠤᠭᠤᠴᠠᠭ᠎ᠠ ᠨᠢ 4 ᠵᠢᠯ ᠪᠣᠯᠣᠨ᠎ᠠ᠃ ᠲᠥᠰᠥᠯ ᠳᠠᠭᠤᠰᠤᠭᠰᠠᠨ ᠤ ᠳᠠᠷᠠᠭ᠎ᠠ᠂ ᠥᠪᠥᠷ ᠮᠣᠩᠭᠤᠯ ᠲᠣᠰ ᠲᠡᠮᠦᠷ ᠵᠠᠮ ᠢ ᠠᠰᠢᠭᠯᠠᠨ ᠥᠪᠥᠷ ᠮᠣᠩᠭᠤᠯ ᠤᠨ ᠵᠡᠭᠦᠨ ᠪᠠᠷᠠᠭᠤᠨ ᠬᠡᠰᠡᠭ ᠤᠨ ᠬᠤᠭᠤᠷᠣᠨᠳᠤ 160 ᠺᠢᠯᠣᠮᠧᠳ᠋ᠷ \ ᠴᠠᠭ ᠤᠨ ᠬᠥᠳᠡᠯᠭᠡᠭᠦᠷᠲᠦ ᠴᠤᠪᠤᠭ᠎ᠠ ᠲᠡᠷᠭᠡ ᠶᠠᠪᠤᠭᠤᠯᠬᠤ ᠪᠣᠯᠣᠨ᠎ᠠ᠃
ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠡᠮᠦᠷ ᠵᠠᠮ ᠠᠷᠠᠳ ᠤᠨ ᠠᠭᠠᠷ ᠠᠶᠠᠯᠠᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠵᠢᠢ ᠲᠥᠩ ᠲᠡᠮᠦᠷ ᠵᠠᠮ ᠤᠨ ᠴᠠᠬᠢᠯᠭᠠᠨᠵᠢᠭᠤᠯᠤᠭᠰᠠᠨ ᠴᠢᠳᠠᠮᠵᠢ ᠥᠷᠭᠡᠳᠬᠡᠬᠦ ᠥᠭᠡᠷᠡᠴᠢᠯᠡᠯᠲᠡ ᠶᠢᠨ ᠢᠨᠵᠧᠨᠧᠷᠢᠩ ᠣᠳᠣᠬᠠᠨ ᠳᠤ ᠤᠯᠠᠭᠠᠨᠬᠠᠳᠠ ᠬᠤᠲᠠ ᠶᠢᠨ ᠬᠢᠯᠢ ᠳᠣᠲᠣᠷᠠᠬᠢ 150 ᠺᠢᠯᠣᠮᠧᠳ᠋ᠷ ᠤᠨ ᠳᠠᠪᠬᠤᠷ ᠱᠤᠭᠤᠮ ᠤᠨ ᠪᠠᠶᠢᠭᠤᠯᠤᠯᠲᠠ ᠯᠡ ᠦᠯᠡᠳᠡᠵᠦ ᠪᠣᠶ᠂ 2024 ᠣᠨ ᠳᠤ ᠪᠥᠬᠦ ᠱᠤᠭᠤᠮ ᠤᠨ ᠥᠭᠡᠷᠡᠴᠢᠯᠡᠯᠲᠡ ᠶᠢ ᠪᠦᠬᠦᠨ ᠢ ᠳᠠᠭᠤᠰᠬᠠᠬᠤ ᠶᠢᠨ ᠬᠠᠮᠲᠤ ᠬᠤᠯᠪᠤᠭᠠᠯᠠᠨ ᠲᠣᠬᠢᠷᠠᠭᠤᠯᠵᠤ ᠲᠤᠷᠰᠢᠨ᠎ᠠ᠃ ᠵᠢᠢ ᠲᠦᠩ ᠲᠡᠮᠦᠷ ᠵᠠᠮ ᠤᠨ ᠴᠠᠬᠢᠯᠭᠠᠨᠵᠢᠭᠤᠯᠤᠭᠰᠠᠨ ᠥᠭᠡᠷᠡᠴᠢᠯᠡᠯᠲᠡ ᠳᠤ ᠰᠢᠯᠢ ᠶᠢᠨ ᠬᠤᠲᠠ ᠠᠴᠠ ᠰᠠᠩ ᠤᠨ ᠳᠠᠯᠠᠢ᠂ ᠤᠯᠠᠭᠠᠨᠬᠠᠳᠠ ᠬᠤᠲᠠ ᠠᠴᠠ ᠳ᠋ᠠᠪᠠᠨ ᠬᠤᠭᠤᠷᠣᠨᠳᠤ ᠶᠢ ᠨᠡᠪᠲᠡᠷᠡᠭᠦᠯᠦᠨ᠎ᠡ᠃ ᠲᠥᠯᠥᠪᠯᠡᠭᠡ ᠶᠣᠰᠣᠭᠠᠷ 2025 ᠣᠨ ᠳᠤ ᠬᠥᠳᠡᠯᠭᠡᠭᠦᠷᠲᠦ ᠴᠤᠪᠤᠭ᠎ᠠ ᠲᠡᠷᠭᠡ ᠨᠡᠪᠲᠡᠷᠡᠭᠦᠯᠦᠭᠰᠡᠨ ᠤ ᠳᠠᠷᠠᠭ᠎ᠠ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠬᠢᠭᠡᠳ ᠣᠷᠣᠨ ᠤ ᠲᠥᠪ ᠤᠨ ᠬᠤᠭᠤᠷᠣᠨᠳᠤ ᠲᠦᠷᠭᠡᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠬᠡᠰᠡᠭ ᠤᠨ ᠳᠡᠭᠡᠳᠦ ᠬᠤᠷᠳᠤ ᠪᠠᠷ ᠨᠡᠪᠲᠡᠷᠡᠯᠴᠡᠬᠦ ᠶᠢ ᠪᠡᠶᠡᠯᠡᠭᠦᠯᠬᠦ ᠶᠢᠨ ᠲᠥᠯᠥᠭᠡ᠂ ᠥᠪᠥᠷ ᠮᠣᠩᠭᠤᠯ ᠨᠢᠭᠡ ᠲᠠᠯ᠎ᠠ ᠪᠠᠷ ᠪᠤᠭᠤᠲᠤ ᠠᠴᠠ ᠢᠷᠭᠠᠢ ᠳᠤ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ 2025 ᠣᠨ ᠤ ᠡᠴᠦᠰ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠤᠨ ᠳᠡᠭᠡᠳᠦ ᠬᠤᠷᠳᠤᠴᠠᠲᠤ ᠲᠡᠮᠦᠷ ᠵᠠᠮ ᠢ ᠨᠡᠪᠲᠡᠷᠡᠭᠦᠯᠬᠦ ᠪᠠᠷ ᠴᠢᠷᠮᠠᠶᠢᠵᠤ ᠪᠠᠶᠢᠨ᠎ᠠ᠃ ᠨᠥᠭᠦᠭᠡ ᠲᠠᠯ᠎ᠠ ᠪᠠᠷ ᠤᠯᠤᠰ ᠤᠨ ᠲᠥᠯᠥᠪᠯᠡᠭᠡ ᠳᠤ ᠣᠷᠣᠭᠤᠯᠤᠭᠰᠠᠨ ᠴᠢᠴᠢᠬᠠᠷ ᠠᠴᠠ ᠬᠠᠶᠢᠯᠠᠷ ᠮᠠᠨᠵᠤᠤᠷ ᠬᠦᠷᠬᠦ᠂ ᠴᠢᠴᠢᠬᠠᠷ ᠠᠴᠠ ᠤᠯᠠᠭᠠᠨᠬᠤᠲᠠ ᠲᠦᠩᠯᠢᠶᠣᠣ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠵᠢᠨᠢᠩ ᠠᠴᠠ ᠲᠦᠩᠯᠢᠶᠣᠣ ᠴᠠᠩᠴᠦ᠋ᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠢ ᠤᠯᠤᠰ ᠤᠨ ᠲᠥᠯᠥᠪᠯᠡᠭᠡ ᠳᠤ ᠣᠷᠣᠭᠤᠯᠤᠨ ᠪᠦᠲᠦᠭᠡᠨ ᠪᠠᠶᠢᠭᠤᠯᠬᠤ ᠶᠢ ᠤᠯᠤᠰ ᠢᠶᠠᠷ ᠳᠡᠮᠵᠢᠭᠦᠯᠬᠦ ᠪᠠᠷ ᠴᠢᠷᠮᠠᠶᠢᠵᠤ᠂ ᠵᠡᠭᠦᠨ ᠠᠴᠠ ᠪᠠᠷᠠᠭᠤᠨᠰᠢ ᠬᠤᠯᠪᠣᠭᠰᠠᠨ ᠵᠡᠭᠦᠨ ᠳᠤᠮᠳᠠ ᠪᠠᠷᠠᠭᠤᠨ ᠬᠡᠰᠡᠭ ᠤᠨ ᠬᠥᠨᠳᠡᠯᠡᠨ ᠴᠢᠭᠯᠡᠯᠲᠦ ᠳᠡᠭᠡᠳᠦ ᠬᠤᠷᠳᠤᠴᠠᠲᠤ ᠲᠡᠮᠦᠷ ᠵᠠᠮ ᠢ ᠪᠠᠶᠢᠭᠤᠯᠤᠨ᠎ᠠ᠃
ᠵᠠᠰᠠᠮᠠᠯ ᠵᠠᠮ ᠤᠨ ᠲᠠᠯ᠎ᠠ ᠪᠠᠷ᠂ 12 ᠠᠶᠢᠮᠠᠭ ᠬᠤᠲᠠ ᠶᠢ ᠬᠤᠯᠪᠣᠭᠰᠠᠨ ᠳᠡᠭᠡᠳᠦ ᠬᠤᠷᠳᠤᠴᠠᠲᠤ ᠵᠠᠰᠠᠮᠠᠯ ᠵᠠᠮ ᠢ ᠡᠨᠡ ᠵᠢᠯ ᠪᠥᠬᠦ ᠱᠤᠭᠤᠮ ᠢᠶᠠᠷ ᠨᠡᠪᠲᠡᠷᠡᠭᠦᠯᠦᠨ᠎ᠡ᠃
ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠵᠡᠭᠦᠨᠰᠢ ᠪᠠᠷᠠᠭᠤᠨᠰᠢᠬᠢ ᠳᠡᠭᠡᠳᠦ ᠬᠤᠷᠳᠤᠴᠠᠲᠤ ᠵᠠᠰᠠᠮᠠᠯ ᠵᠠᠮ ᠤᠨ ᠪᠥᠬᠦ ᠣᠷᠳᠣ ᠨᠢ 3415 ᠺᠢᠯᠣᠮᠧᠳ᠋ᠷ ᠪᠠᠶᠢᠵᠤ᠂ ᠵᠡᠭᠦᠨ ᠨᠢ ᠮᠠᠨᠵᠤᠤᠷ ᠬᠤᠲᠠ ᠠᠴᠠ ᠡᠬᠢᠯᠡᠨ᠂ ᠪᠠᠷᠠᠭᠤᠨᠰᠢ ᠪᠠᠨ ᠡᠵᠡᠨ᠎ᠡ ᠬᠤᠰᠢᠭᠤᠨ ᠳᠤ ᠬᠦᠷᠴᠦ᠂ 12 ᠠᠶᠢᠮᠠᠭ ᠬᠤᠲᠠ ᠶᠢ ᠬᠤᠯᠪᠣᠨ ᠨᠡᠪᠲᠡᠷᠡᠭᠦᠯᠵᠡᠢ᠃ ᠣᠳᠣᠬᠠᠨ ᠳᠤ᠂ ᠲᠦᠩᠯᠢᠶᠣᠣ ᠶᠢᠨ ᠬᠡᠰᠡᠭ ᠤᠨ 108 ᠺᠢᠯᠦᠮᠥᠳ᠋ᠷ ᠯᠡ ᠦᠯᠡᠳᠡᠵᠦ᠂ 2024 ᠣᠨ ᠳᠤ ᠪᠠᠶᠢᠭᠤᠯᠵᠤ ᠳᠠᠭᠤᠰᠬᠠᠨ᠂ ᠪᠦᠬᠦ ᠱᠤᠭᠤᠮ ᠢᠶᠠᠷ ᠲᠡᠷᠭᠡ ᠨᠡᠪᠲᠡᠷᠡᠬᠦ ᠶᠢ ᠪᠡᠶᠡᠯᠡᠭᠦᠯᠬᠦ ᠪᠠᠷ ᠲᠥᠯᠥᠪᠯᠡᠵᠦ ᠪᠣᠢ᠃