ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ‍
ᠨᠡᠶᠢᠲᠡᠯᠡᠭᠰᠡᠨ ᠴᠠᠭ᠄
2024/1/18

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ ﹇2023﹈ 58 ᠳ᠋ᠤᠭᠠᠷ ᠲᠣᠭᠠᠲᠤ

ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

2023 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ

︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ

︽ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠵᠤ ᠰᠦ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠪᠠᠲᠤᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 43 ᠳ᠋ᠤᠭᠠᠷ ᠲᠣᠭᠠᠲᠤ︶᠂ ︽ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 31 ᠳ᠋ᠦ᠋ᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠳᠠᠬᠢ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠥᠪᠡᠷ ᠤᠨ ᠥᠷᠳᠡᠭ ᠥᠨᠳᠥᠷ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠯᠳᠤᠭᠤᠯᠬᠤ ᠨᠢ ᠠᠪᠴᠠᠯᠳᠤᠩᠭᠤᠢ ᠪᠤᠰᠤ᠂ ᠪᠦᠲᠦᠭᠡᠭᠳᠡᠬᠦᠨ ᠤ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠨᠢ ᠠᠨᠠᠶᠢᠬᠠᠨ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠦ ᠰᠠᠭᠠᠯᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠬᠡᠵᠦ᠂ ︽ᠰᠢᠷᠬᠡᠭ ᠡᠪᠡᠰᠦ ᠠᠴᠠ ᠠᠶᠠᠭ᠎ᠠ ᠰᠦ ᠬᠦᠷᠲᠡᠯᠡᠬᠢ︾ ᠪᠥᠬᠦ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃

ᠨᠢᠭᠡ᠂ ︽ᠡᠪᠡᠰᠦᠨ ᠤ ᠢᠷᠡᠯᠲᠡ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠴᠢᠯᠠᠨ ᠲᠡᠵᠢᠭᠡᠬᠦ ᠥᠪᠡᠷ ᠤᠨ ᠥᠷᠳᠡᠭ ᠢ ᠪᠠᠭᠤᠷᠠᠭᠤᠯᠤᠨ᠎ᠠ

1. ᠮᠠᠯᠯᠠᠨ ᠲᠥᠯᠵᠢᠭᠦᠯᠬᠦ ᠳᠤ ᠵᠣᠷᠢᠭᠤᠯᠵᠤ ᠲᠠᠷᠢᠬᠤ᠂ ᠲᠠᠷᠢᠵᠤ ᠮᠠᠯᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠳᠤᠨ ᠭᠤᠣᠯ᠂ ᠨᠣᠨ ᠮᠥᠷᠡᠨ᠂ ᠪᠠᠷᠠᠭᠤᠨ ᠯᠢᠶᠥᠥ ᠾᠧ ᠭᠤᠣᠯ ᠤᠨ ᠰᠠᠪᠠ ᠭᠠᠵᠠᠷ ᠪᠠ ᠬᠥᠯᠥᠨ ᠪᠤᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠶᠡᠭᠡ ᠰᠦ ᠶᠢᠨ ᠢᠷᠡᠯᠲᠡ ᠶᠢᠨ ᠰᠠᠭᠤᠷᠢᠨ ᠭᠠᠵᠠᠷ ᠲᠤ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠵᠤ ᠤᠷᠭᠤᠭᠤᠯᠬᠤ ᠶᠢ ᠳᠡᠮᠵᠢᠵᠦ᠂ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ ᠣᠶᠢᠷ᠎ᠠ ᠬᠠᠪᠢ ᠠᠴᠠ ᠪᠠᠨ ᠬᠤᠷᠢᠶᠠᠨ ᠬᠠᠳᠠᠭᠠᠯᠠᠵᠤ ᠪᠠᠶᠢᠭ᠎ᠠ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶᠠᠵᠢᠯ ᠳᠤ ᠰᠠᠭᠠᠯᠢ ᠶᠢᠨ ᠦᠨᠢᠶ᠎ᠡ ᠪᠦᠷᠢ 5.5 ᠲᠣᠨ᠂ ᠲᠣᠨ ᠪᠦᠷᠢ 50 ᠲᠥᠭᠦᠷᠢᠭ ︵ᠥᠪᠡᠷᠲᠡᠭᠡᠨ ᠵᠠᠰᠠᠬᠤ ᠣᠷᠣᠨ 30 ᠲᠥᠭᠦᠷᠢᠭ ᠤᠨ ᠨᠡᠮᠡᠭᠦᠷᠢ ᠥᠭᠴᠦ᠂ ᠠᠶᠢᠮᠠᠭ ᠬᠤᠲᠠ 20 ᠲᠥᠭᠦᠷᠢᠭ ᠤᠨ ᠨᠡᠮᠡᠭᠦᠷᠢ ᠥᠭᠭᠦᠨ᠎ᠡ︶ ᠤᠨ ᠪᠠᠷᠢᠮᠵᠢᠶ᠎ᠠ ᠶᠣᠰᠣᠭᠠᠷ ᠳᠠᠷᠤᠰᠢᠭᠤᠯᠤᠭᠰᠠᠨ ᠡᠷᠳᠡᠨᠢ ᠰᠢᠰᠢ ᠶᠢᠨ ᠬᠤᠷᠢᠶᠠᠨ ᠬᠠᠳᠠᠭᠠᠯᠠᠬᠤ ᠨᠡᠮᠡᠭᠦᠷᠢ ᠣᠯᠭᠤᠵᠤ᠂ ᠳᠠᠷᠤᠰᠢᠭᠤᠯᠤᠭᠰᠠᠨ ᠴᠠᠷᠭᠠᠰᠤ᠂ ᠬᠠᠳᠠᠭᠠᠭᠰᠠᠨ ᠡᠪᠡᠰᠦ ᠶᠢ ᠬᠠᠷᠢᠴᠠᠯ ᠢᠶᠠᠷ ᠨᠤᠭᠤᠯᠤᠨ ᠪᠣᠳᠣᠵᠤ᠂ ᠰᠠᠭᠠᠯᠢ ᠶᠢᠨ ᠢᠮᠠᠭ᠎ᠠ᠂ ᠰᠠᠭᠠᠯᠢ ᠶᠢᠨ ᠢᠩᠭᠡ᠂ ᠰᠠᠭᠠᠯᠢ ᠶᠢᠨ ᠭᠡᠭᠦᠦ ᠶᠢ ᠬᠠᠷᠢᠴᠠᠯ ᠢᠶᠠᠷ ᠨᠤᠭᠤᠯᠤᠨ ᠪᠣᠳᠣᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠬᠤᠷᠢᠳᠤᠭᠠᠷ ᠵᠦᠢᠯ ᠠᠴᠠ ᠪᠤᠰᠤᠳ᠂ ᠳᠣᠣᠷᠠᠬᠢ ᠡᠯ᠎ᠡ ᠵᠦᠢᠯ ᠤᠨ ᠡᠭᠦᠷᠭᠡ ᠶᠢ ᠪᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠬᠡᠷᠡᠭᠲᠡᠢ ᠪᠣᠯᠬᠤᠷ ᠳᠠᠬᠢᠵᠤ ᠠᠰᠲᠠᠭᠠᠨ ᠵᠢᠭᠰᠠᠭᠠᠬᠤ ᠦᠭᠡᠢ︶

2. ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠳᠠᠬᠢ ᠤᠯᠤᠰ ᠤᠨ ᠭᠠᠷᠤᠯᠲᠠᠲᠤ ᠰᠠᠶᠢᠨ ᠡᠭᠦᠯᠳᠡᠷ ᠤᠨ ᠴᠠᠷᠭᠠᠰᠤ ᠶᠢᠨ ᠴᠢᠨᠠᠷ ᠢ ᠨᠢ ᠰᠠᠶᠢᠵᠢᠷᠠᠭᠤᠯᠵᠤ ᠭᠠᠷᠤᠯᠲᠠ ᠶᠢ ᠨᠢ ᠨᠡᠮᠡᠭᠳᠡᠭᠦᠯᠬᠦ ᠶᠢ ᠠᠬᠢᠭᠤᠯᠵᠤ᠂ ᠲᠥᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠲᠠᠷᠢᠭᠰᠠᠨ ᠲᠠᠯᠠᠪᠠᠢ ᠨᠢ 500 ᠮᠦ ᠠᠴᠠ ᠳᠡᠭᠡᠭᠰᠢ ᠬᠥᠷᠥᠭᠰᠡᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠴᠠᠷᠭᠠᠰᠤ ᠲᠠᠷᠢᠭᠰᠠᠨ ᠭᠤᠣᠯ ᠴᠣᠭᠴᠠ ᠳᠤ᠂ 3 ᠵᠢᠯ ᠬᠤᠪᠢᠶᠠᠨ ᠮᠦ ᠪᠦᠷᠢ ᠳᠤ ᠨᠢ 1000 ᠲᠥᠭᠦᠷᠢᠭ ᠤᠨ ᠨᠡᠮᠡᠭᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

3. ᠴᠠᠷᠭᠠᠰᠤᠨ ᠤ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠨᠡᠮᠡᠭᠦᠷᠢ ᠥᠭᠬᠦ ᠪᠣᠳᠣᠯᠭ᠎ᠠ ᠶᠢ ᠬᠡᠷᠡᠭᠵᠢᠭᠦᠯᠵᠦ᠂ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠭᠰᠠᠨ ᠠᠩᠬᠠᠨ ᠤ ᠵᠢᠯ ᠳᠤ ᠮᠦ ᠪᠦᠷᠢ ᠳᠤ ᠨᠢ 500 ᠲᠥᠭᠦᠷᠢᠭ ᠤᠨ ᠨᠡᠮᠡᠭᠦᠷᠢ ᠣᠯᠭᠤᠵᠤ᠂ ᠲᠣᠭᠲᠠᠭᠰᠠᠨ ᠭᠠᠷᠤᠯᠲᠠ ᠶᠢᠨ ᠬᠡᠮᠵᠢᠶ᠎ᠡ ᠳᠤ ᠬᠥᠷᠥᠭᠰᠡᠨ ᠤ ᠰᠡᠭᠦᠯᠡᠷ ᠵᠢᠯ ᠳᠤ ᠮᠦ ᠪᠦᠷᠢ ᠳᠤ ᠨᠢ 300 ᠲᠥᠭᠦᠷᠢᠭ ᠤᠨ ᠪᠠᠷᠢᠮᠵᠢᠶ᠎ᠠ ᠪᠠᠷ ᠨᠡᠮᠡᠭᠦᠷᠢ ᠣᠯᠭᠤᠨ᠎ᠠ᠃ ︽ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠵᠢᠴᠢ ᠠᠵᠤ ᠦᠢᠯᠡᠰ ᠤᠨ ᠵᠢᠱᠢᠶ᠎ᠡ ᠦᠵᠡᠭᠦᠯᠬᠦ︾ ᠲᠠᠯ᠎ᠠ ᠪᠠᠷ ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ ᠲᠥᠷᠥᠯ ᠵᠦᠢᠯ ᠢ ᠬᠡᠷᠡᠭᠵᠢᠭᠦᠯᠵᠦ᠂ ᠠᠳᠠᠯᠢ ᠪᠤᠰᠤ ᠣᠷᠣᠨ ᠪᠦᠰᠡ ᠶᠢᠨ ᠣᠷᠴᠢᠨ ᠨᠥᠬᠦᠴᠡᠯ ᠳᠤ ᠲᠣᠬᠢᠷᠠᠬᠤ ᠰᠢᠨ᠎ᠡ ᠦᠷ᠎ᠡ ᠡᠭᠦᠯᠳᠡᠷ ᠪᠠ ᠥᠨᠳᠥᠷ ᠤᠭᠤᠷᠠᠭᠲᠤ ᠴᠠᠷᠭᠠᠰᠤ ᠶᠢᠨ ᠰᠢᠨ᠎ᠡ ᠦᠷ᠎ᠡ ᠡᠭᠦᠯᠳᠡᠷ ᠢ ᠪᠤᠶᠢᠵᠢᠭᠤᠯᠵᠤ᠂ ᠤᠯᠤᠰ ᠤᠨ ᠭᠠᠷᠤᠯᠲᠠᠲᠤ ᠮᠠᠭᠤᠵᠢᠷᠠᠮᠠᠯ ᠦᠷ᠎ᠡ ᠡᠭᠦᠯᠳᠡᠷ ᠤᠨ ᠴᠠᠷᠭᠠᠰᠤ ᠶᠢ ᠴᠡᠪᠡᠷᠵᠢᠭᠦᠯᠦᠨ ᠢᠳᠡᠷᠬᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠬᠤᠶᠠᠷ᠂ ︽ᠦᠷ᠎ᠡ ᠡᠭᠦᠯᠳᠡᠷ ᠤᠨ ᠢᠷᠡᠯᠲᠡ︾ ᠶᠢᠨ ᠲᠠᠯ᠎ᠠ ᠪᠠᠷ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠭᠠᠯᠢ ᠶᠢᠨ ᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠᠨ ᠴᠢᠩᠭᠠᠳᠬᠠᠨ᠎ᠠ

4. ᠦᠵᠦᠭᠦᠷᠯᠡᠬᠦ ᠳᠡᠰ ᠤᠨ ᠦᠷ᠎ᠡ ᠡᠭᠦᠯᠳᠡᠷ ᠤᠨ ᠪᠤᠬ᠎ᠠ ᠪᠤᠶᠢᠵᠢᠭᠤᠯᠬᠤ ᠶᠢ ᠳᠡᠮᠵᠢᠵᠦ᠂ ᠡᠭᠦᠯᠳᠡᠷ ᠲᠥᠯᠵᠢᠭᠦᠯᠬᠦ ᠴᠢᠳᠠᠪᠤᠷᠢ ᠶᠢᠨ ᠦᠨᠡᠯᠡᠯᠲᠡ ᠵᠢᠴᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠠᠷᠭ᠎ᠠ ᠶᠢ ᠦᠨᠳᠦᠰᠦᠯᠡᠨ᠂ ᠡᠭᠦᠯᠳᠡᠷ ᠲᠥᠯᠵᠢᠭᠦᠯᠬᠦ ᠴᠢᠳᠠᠪᠤᠷᠢ ᠶᠢ ᠨᠢ ᠦᠨᠡᠯᠡᠭᠰᠡᠨ ᠦᠷ᠎ᠡ ᠳ᠋ᠦᠩ ᠨᠢ ᠰᠠᠶᠢᠨ ᠵᠡᠷᠭᠡ ᠳᠡᠰ ᠠᠴᠠ ᠳᠡᠭᠡᠭᠰᠢ ᠳᠤ ᠬᠥᠷᠥᠭᠰᠡᠨ ᠰᠠᠭᠠᠯᠢ ᠶᠢᠨ ᠦᠨᠢᠶᠡᠨ ᠤ ᠡᠭᠦᠯᠳᠡᠷ ᠲᠥᠯᠵᠢᠭᠦᠯᠬᠦ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠰᠠᠭᠤᠷᠢ ᠶᠢᠨ ᠴᠢᠨᠠᠷᠲᠠᠢ ᠱᠠᠩᠨᠠᠯ ᠣᠯᠭᠤᠵᠤ᠂ ᠡᠭᠦᠨ ᠤ ᠰᠠᠭᠤᠷᠢᠨ ᠳᠡᠭᠡᠷ᠎ᠡ᠂ ᠵᠢᠯ ᠪᠦᠷᠢ ᠶᠢᠨ ᠨᠡᠷᠡᠰ ᠤᠨ ᠵᠢᠭᠰᠠᠭᠠᠯᠲᠠ ᠶᠢᠨ ᠳ᠋ᠦᠩ ᠢ ᠦᠨᠳᠦᠰᠦᠯᠡᠨ᠂ ᠳᠡᠯᠡᠬᠡᠢ ᠶᠢᠨ ᠡᠮᠦᠨ᠎ᠡ 200 ᠨᠡᠷᠡᠰ ᠪᠤᠶᠤ ᠤᠯᠤᠰ ᠤᠨ ᠳᠣᠲᠣᠭᠠᠳᠤ ᠳᠤ ᠪᠠᠨ ᠡᠮᠦᠨ᠎ᠡ 50 ᠨᠡᠷᠡᠰ ᠲᠤ ᠲᠣᠳᠣᠷᠠᠭᠰᠠᠨ ᠬᠤᠰᠲ᠋ᠠᠨ ᠰᠠᠭᠠᠯᠢ ᠶᠢᠨ ᠦᠨᠢᠶ᠎ᠡ ᠶᠢ ᠪᠤᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶᠢᠯᠠᠯ ᠳᠤ ᠲᠣᠯᠣᠭᠠᠢ ᠪᠦᠷᠢ ᠳᠤ ᠨᠢ 100 ᠲᠦᠮᠡᠨ ᠲᠥᠭᠦᠷᠢᠭ ᠱᠠᠩᠨᠠᠵᠤ᠂ 50 ︵ᠪᠠᠭᠲᠠᠭᠠᠬᠤ ᠦᠭᠡᠢ︶ – 100 ᠨᠡᠷᠡᠰ ᠲᠤ ᠲᠣᠳᠣᠷᠠᠭᠰᠠᠨ ᠪᠣᠯ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠳᠣᠲᠣᠭᠠᠳᠤ ᠳᠤ ᠪᠠᠨ ᠡᠮᠦᠨ᠎ᠡ 100 ᠨᠡᠷᠡᠰ ᠲᠤ ᠲᠣᠳᠣᠷᠠᠭᠰᠠᠨ ᠰᠢᠮᠧᠨ᠋ᠲᠠᠷ ᠦᠬᠡᠷ ᠢ ᠪᠤᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶᠢᠯᠠᠯ ᠳᠤ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠳᠣᠲᠣᠭᠠᠳᠤ ᠳᠤ ᠪᠠᠨ ᠡᠮᠦᠨ᠎ᠡ 5 ᠨᠡᠷᠡᠰ ᠲᠤ ᠲᠣᠳᠣᠷᠠᠭᠰᠠᠨ ᠰᠠᠨ ᠾᠧ ᠦᠬᠡᠷ ᠢ ᠪᠤᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶᠢᠯᠠᠯ ᠳᠤ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

5. ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ ᠶᠢ ᠪᠦᠲᠦᠭᠡᠨ ᠪᠠᠶᠢᠭᠤᠯᠬᠤ ᠶᠢ ᠳᠡᠮᠵᠢᠵᠦ᠂ ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠳᠡᠰ ᠤᠨ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ ᠳᠤ ᠨᠢᠭᠡ ᠯᠡ ᠤᠳᠠᠭ᠎ᠠ ᠳᠤ 300 ᠲᠦᠮᠡᠨ ᠲᠥᠭᠦᠷᠢᠭ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠲᠤ ᠨᠢᠭᠡ ᠯᠡ ᠤᠳᠠᠭ᠎ᠠ ᠳᠤ 200 ᠲᠦᠮᠡᠨ ᠲᠥᠭᠦᠷᠢᠭ ᠱᠠᠩᠨᠠᠨ᠎ᠠ᠃ ᠰᠠᠭᠠᠯᠢ ᠶᠢᠨ ᠮᠣᠩᠭᠤᠯ ᠮᠣᠷᠢ᠂ ᠬᠤᠣᠰ ᠪᠥᠬᠦᠲᠦ ᠲᠡᠮᠡᠭᠡᠨ ᠤ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠶᠢ ᠵᠣᠷᠢᠭᠵᠢᠭᠤᠯᠵᠤ᠂ ᠰᠦ ᠭᠠᠷᠬᠤ ᠴᠢᠳᠠᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

6. ᠰᠢᠯᠢᠳᠡᠭ ᠡᠭᠦᠯᠳᠡᠷ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠢ ᠳᠡᠯᠭᠡᠷᠡᠭᠦᠯᠦᠨ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠬᠥᠪᠥᠷᠡᠯ ᠢ ᠬᠡᠷᠡᠭᠯᠡᠵᠦ᠂ ᠴᠢᠳᠠᠪᠬᠢ ᠶᠢᠨ ᠢᠯᠡᠳᠬᠡᠭᠴᠢ ᠶᠢ ᠨᠢ ᠦᠨᠳᠦᠰᠦᠯᠡᠨ᠂ ᠬᠥᠪᠥᠷᠡᠯ ᠪᠦᠷᠢ ᠳᠤ 1500 ᠲᠥᠭᠦᠷᠢᠭ᠂ 2500 ᠲᠥᠭᠦᠷᠢᠭ᠂ 3500 ᠲᠥᠭᠦᠷᠢᠭ ᠢᠶᠠᠷ ᠳᠡᠰ ᠬᠤᠪᠢᠶᠠᠨ ᠨᠡᠮᠡᠭᠦᠷᠢ ᠥᠭᠭᠦᠨ᠎ᠡ︔ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ ᠬᠡᠷᠡᠭᠯᠡᠪᠡᠯ ᠲᠣᠯᠣᠭᠠᠢ ᠪᠦᠷᠢ ᠳᠤ 120 ᠲᠥᠭᠦᠷᠢᠭ ᠤᠨ ᠨᠡᠮᠡᠭᠦᠷᠢ ᠥᠭᠭᠦᠨ᠎ᠡ︔ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ ᠬᠡᠷᠡᠭᠯᠡᠪᠡᠯ ᠲᠣᠯᠣᠭᠠᠢ ᠪᠦᠷᠢ ᠳᠤ 60 ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

7. ᠰᠠᠭᠠᠯᠢ ᠶᠢᠨ ᠦᠨᠢᠶᠡᠨ ᠤ ᠦᠢᠯᠡᠳᠪᠦᠷᠢᠯᠡᠯ ᠤᠨ ᠴᠢᠨᠰᠠᠭ᠎ᠠ ᠶᠢ ᠬᠡᠮᠵᠢᠨ ᠲᠣᠭᠲᠠᠭᠠᠬᠤ ᠲᠤᠭ᠎ᠠ ᠶᠢ ᠥᠷᠭᠡᠳᠬᠡᠵᠦ᠂ ᠦᠢᠯᠡᠳᠪᠦᠷᠢᠯᠡᠯ ᠤᠨ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠨᠢ ᠨᠢᠭᠡ ᠰᠠᠭᠠᠯᠢ ᠶᠢᠨ ᠦᠨᠢᠶ᠎ᠡ ᠬᠡᠮᠵᠢᠨ ᠲᠣᠭᠲᠠᠭᠠᠭᠠᠳ ᠪᠦᠲᠦᠮᠵᠢᠲᠡᠢ ᠲᠤᠭ᠎ᠠ ᠪᠠᠷᠢᠮᠲᠠ ᠶᠢ ᠨᠢ ᠳᠡᠭᠡᠭᠰᠢ ᠳᠠᠮᠵᠢᠭᠤᠯᠬᠤ ᠪᠦᠷᠢ 70 ᠲᠥᠭᠦᠷᠢᠭ ᠤᠨ ᠨᠡᠮᠡᠭᠦᠷᠢ ᠥᠭᠴᠦ᠂ ᠳᠡᠭᠡᠷ᠎ᠡ ᠣᠨ ᠤ ᠬᠢ ᠲᠠᠢ ᠬᠠᠷᠢᠴᠠᠭᠤᠯᠪᠠᠯ ᠰᠢᠨ᠎ᠡ ᠪᠠᠷ ᠨᠡᠮᠡᠭᠳᠡᠭᠰᠡᠨ ᠬᠡᠮᠵᠢᠨ ᠲᠣᠭᠲᠠᠭᠠᠭᠰᠠᠨ ᠪᠦᠲᠦᠮᠵᠢᠲᠡᠢ ᠲᠤᠭ᠎ᠠ ᠪᠠᠷᠢᠮᠲᠠ ᠨᠢ 3 ᠲᠦᠮᠡᠨ ᠲᠣᠯᠣᠭᠠᠢ ᠠᠴᠠ ᠳᠠᠪᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ 100 ᠲᠦᠮᠡᠨ ᠲᠥᠭᠦᠷᠢᠭ ᠱᠠᠩᠨᠠᠵᠤ᠂ ᠪᠠᠶᠢᠴᠠᠭᠠᠨ ᠬᠡᠮᠵᠢᠬᠦ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠭᠤᠷᠪᠠ᠂ ︽ᠰᠦ ᠶᠢᠨ ᠢᠷᠡᠯᠲᠡ︾ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ

8. ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢᠨ ᠦᠷᠭᠦᠯᠵᠢ ᠶᠢᠨ ᠴᠢᠨᠠᠷ ᠢ ᠪᠠᠷᠢᠮᠲᠠᠯᠠᠵᠤ᠂ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ 2019 ᠣᠨ ᠠᠴᠠ ᠰᠡᠭᠦᠯᠡᠷ᠂ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠠᠵᠢᠯ ᠡᠬᠢᠯᠡᠭᠦᠯᠦᠨ ᠪᠠᠶᠢᠭᠤᠯᠵᠤ ᠪᠠᠶᠢᠭ᠎ᠠ ᠲᠥᠷᠥᠯ ᠵᠦᠢᠯ ᠪᠠ ᠨᠢᠭᠡᠨᠲᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠯᠡᠯᠴᠡᠭᠡᠷ ᠲᠣᠭᠲᠠᠭᠰᠠᠨ ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠡᠵᠢᠭᠡᠵᠦ ᠪᠠᠶᠢᠭ᠎ᠠ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠢ ᠨᠢ 3000 ᠳᠤ ᠬᠥᠷᠥᠭᠰᠡᠨ ᠪᠣᠯ 600 ᠲᠦᠮᠡᠨ ᠲᠥᠭᠦᠷᠢᠭ ᠤᠨ ᠨᠡᠮᠡᠭᠦᠷᠢ ᠥᠭᠴᠦ᠂ 500 ᠲᠣᠯᠣᠭᠠᠢ ᠨᠡᠮᠡᠭᠳᠡᠬᠦ ᠪᠦᠷᠢ ᠠᠬᠢᠭᠠᠳ 100 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ ᠨᠡᠮᠡᠭᠦᠷᠢ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ ᠪᠠ ︽ᠲᠣᠭᠠᠵᠢᠭᠤᠯᠤᠨ ᠣᠶᠤᠨᠴᠢᠯᠠᠭᠰᠠᠨ︾ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠲᠣᠯᠣᠭᠠᠢ ᠪᠦᠷᠢ ᠳᠤ 5000 ᠲᠥᠭᠦᠷᠢᠭ ᠤᠨ ᠨᠡᠮᠡᠭᠦᠷᠢ ᠥᠭᠭᠦᠨ᠎ᠡ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3000 ᠲᠥᠭᠦᠷᠢᠭ ᠤᠨ ᠨᠡᠮᠡᠭᠦᠷᠢ ᠥᠭᠴᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 2000 ᠲᠥᠭᠦᠷᠢᠭ ᠤᠨ ᠨᠡᠮᠡᠭᠦᠷᠢ ᠥᠭᠭᠦᠨ᠎ᠡ᠃ ᠰᠡᠭᠦᠯᠡᠷ ᠰᠢᠨ᠎ᠡ ᠪᠠᠷ ᠪᠠᠶᠢᠭᠤᠯᠬᠤ ᠪᠤᠰᠤᠳ ᠲᠡᠵᠢᠭᠡᠨ ᠦᠷᠡᠵᠢᠭᠦᠯᠬᠦ ᠲᠠᠯᠠᠪᠠᠢ ᠳᠤ᠂ ᠠᠶᠢᠮᠠᠭ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ︽ᠨᠢᠭᠡ ᠲᠠᠯᠠᠪᠠᠢ ᠳᠤ ᠨᠢᠭᠡ ᠪᠣᠳᠣᠯᠭ᠎ᠠ ᠬᠡᠷᠡᠭᠵᠢᠭᠦᠯᠬᠦ︾ ᠪᠠᠷ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

9. ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠰᠲ᠋ᠠᠨ ᠵᠡᠷᠭᠡ ᠢᠪᠢᠯᠬᠦ ᠳᠤ ᠲᠤᠰᠬᠠᠢ ᠬᠡᠷᠡᠭᠯᠡᠬᠦ ᠰᠠᠭᠠᠯᠢ ᠶᠢᠨ ᠦᠨᠢᠶ᠎ᠡ ᠶᠢ ᠲᠡᠵᠢᠭᠡᠨ ᠦᠷᠡᠵᠢᠭᠦᠯᠬᠦ᠂ ᠮᠠᠯ ᠤᠨ ᠲᠤᠭ᠎ᠠ ᠲᠣᠯᠣᠭᠠᠢ ᠨᠢ 100 – 3000 ᠳᠤ ᠬᠥᠷᠥᠭᠰᠡᠨ ᠲᠡᠵᠢᠭᠡᠨ ᠦᠷᠡᠵᠢᠭᠦᠯᠬᠦ ᠭᠤᠣᠯ ᠴᠣᠭᠴᠠ ᠳᠤ᠂ ᠲᠣᠯᠣᠭᠠᠢ ᠪᠦᠷᠢ ᠳᠤ 400 ᠲᠥᠭᠦᠷᠢᠭ ᠠᠴᠠ ᠳᠠᠪᠠᠭᠤᠯᠬᠤ ᠦᠭᠡᠢ ᠪᠠᠷᠢᠮᠵᠢᠶ᠎ᠠ ᠪᠠᠷ ᠨᠡᠮᠡᠭᠦᠷᠢ ᠥᠭᠴᠦ᠂ ᠦᠢᠯᠡᠳᠪᠦᠷᠢᠯᠡᠨ ᠡᠵᠡᠩᠨᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠲᠡᠵᠢᠭᠡᠬᠦ ᠪᠡᠯᠡᠳᠬᠡᠮᠵᠢ ᠲᠣᠨᠣᠭᠯᠠᠯ ᠢᠶᠠᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ᠂ ᠦᠢᠯᠡᠳᠪᠦᠷᠢᠯᠡᠯ ᠤᠨ ᠥᠪᠡᠷ ᠤᠨ ᠥᠷᠳᠡᠭ ᠢᠶᠠᠨ ᠪᠠᠭᠤᠷᠠᠭᠤᠯᠬᠤ ᠳᠤ ᠬᠡᠷᠡᠭᠯᠡᠭᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠵᠤ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ᠂ ᠡᠭᠦᠯᠳᠡᠷ ᠰᠣᠩᠭᠤᠵᠤ ᠬᠡᠭᠡᠯᠲᠦᠭᠦᠯᠬᠦ᠂ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠡᠵᠢᠭᠡᠨ ᠪᠣᠷᠳᠣᠬᠤ ᠬᠠᠮᠢᠶᠠᠷᠤᠯᠲᠠ᠂ ᠬᠢᠵᠢᠭ ᠡᠪᠡᠳᠴᠢᠨ ᠤ ᠰᠡᠷᠭᠡᠶᠢᠯᠡᠯᠲᠡ ᠡᠵᠡᠮᠳᠡᠯ ᠪᠠ ᠣᠷᠴᠢᠨ ᠲᠣᠭᠤᠷᠢᠨ ᠤ ᠡᠵᠡᠮᠳᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

10. ᠣᠨᠴᠠᠭᠠᠢ ᠲᠥᠷᠥᠯ ᠤᠨ ᠰᠠᠭᠠᠯᠢ ᠶᠢᠨ ᠮᠠᠯ ᠢ ᠲᠡᠵᠢᠭᠡᠨ ᠦᠷᠡᠵᠢᠭᠦᠯᠬᠦ ᠶᠢ ᠳᠡᠮᠵᠢᠵᠦ᠂ 2022 ᠣᠨ ︵ᠪᠠᠭᠲᠠᠨ᠎ᠠ︶ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 5000 ᠲᠣᠯᠣᠭᠠᠢ ᠠᠴᠠ ᠳᠡᠭᠡᠭᠰᠢᠬᠢ ᠰᠠᠭᠠᠯᠢ ᠶᠢᠨ ᠢᠮᠠᠭᠠᠨ ᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ 200 ᠲᠦᠮᠡᠨ ᠲᠥᠭᠦᠷᠢᠭ ᠤᠨ ᠨᠡᠮᠡᠭᠦᠷᠢ ᠥᠭᠴᠦ᠂ 5000 ᠲᠣᠯᠣᠭᠠᠢ ᠨᠡᠮᠡᠭᠳᠡᠬᠦ ᠪᠦᠷᠢ 200 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ 2022 ᠣᠨ ︵ᠪᠠᠭᠲᠠᠨ᠎ᠠ︶ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 200 ᠠᠴᠠ ᠳᠡᠭᠡᠭᠰᠢᠬᠢ ᠲᠡᠮᠡᠭᠡᠨ ᠤ ᠲᠡᠵᠢᠭᠡᠨ ᠦᠷᠡᠵᠢᠭᠦᠯᠬᠦ ᠲᠠᠯᠠᠪᠠᠢ ︵ᠵᠢᠯ ᠤᠨ ᠰᠦ ᠭᠠᠷᠬᠤ ᠬᠡᠮᠵᠢᠶ᠎ᠡ ᠨᠢ 50 ᠲᠣᠨ ᠠᠴᠠ ᠳᠣᠣᠷ᠎ᠠ ᠦᠭᠡᠢ︶ ᠳᠤ 40 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶᠢᠪᠠᠯ 20 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ ᠰᠢᠨ᠎ᠡ ᠪᠠᠷ ᠪᠠᠶᠢᠭᠤᠯᠤᠭᠰᠠᠨ 50 ᠠᠴᠠ ᠳᠡᠭᠡᠭᠰᠢ ᠠᠳᠤᠭᠤ ᠲᠠᠢ ᠮᠠᠯᠵᠢᠯ ᠤᠨ ᠲᠠᠯᠠᠪᠠᠢ ︵ᠵᠢᠯ ᠤᠨ ᠰᠦ ᠭᠠᠷᠬᠤ ᠬᠡᠮᠵᠢᠶ᠎ᠡ ᠨᠢ 10 ᠲᠣᠨ ᠠᠴᠠ ᠳᠣᠣᠷ᠎ᠠ ᠦᠭᠡᠢ︶ ᠳᠤ 10 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶᠢᠪᠠᠯ 5 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

11. ᠲᠦᠭᠦᠬᠡᠢ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠨᠣᠷᠮ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠬᠡᠯ ᠤᠨ ᠬᠢᠨ ᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ 12 ᠰᠠᠷ᠎ᠠ ᠳᠠᠷᠠᠭᠠᠯᠠᠨ ᠬᠠᠮᠲᠤᠷᠠᠯᠴᠠᠭᠠᠨ ᠤ ᠪᠠᠲᠤᠯᠠᠭ᠎ᠠ ᠦᠭᠡᠢ ᠬᠤᠰᠲ᠋ᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠯᠤᠭ᠎ᠠ 2 ᠵᠢᠯ ᠠᠴᠠ ᠳᠡᠭᠡᠭᠰᠢᠬᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠶᠢ ᠵᠣᠷᠢᠭᠵᠢᠭᠤᠯᠵᠤ᠂ 1 ᠲᠡᠵᠢᠭᠡᠨ ᠦᠷᠡᠵᠢᠭᠦᠯᠬᠦ ᠲᠠᠯᠠᠪᠠᠢ ᠲᠠᠢ ᠰᠢᠨ᠎ᠡ ᠪᠠᠷ ᠭᠡᠷ᠎ᠡ ᠲᠣᠭᠲᠠᠬᠤ ᠶᠢᠨ ᠬᠠᠮᠲᠤ ᠡᠳᠦᠷ ᠲᠤ ᠲᠦᠭᠦᠬᠡᠢ ᠰᠦ ᠶᠢ 1 ᠲᠣᠨ ᠠᠴᠠ ᠳᠡᠭᠡᠭᠰᠢ ᠬᠤᠳᠠᠯᠳᠤᠨ ᠠᠪᠬᠤ ᠪᠦᠷᠢ᠂ ︽ᠤᠷᠢᠳ ᠢᠶᠠᠷ ᠭᠡᠷ᠎ᠡ ᠲᠣᠭᠲᠠᠵᠤ ᠳᠠᠷᠠᠭ᠎ᠠ ᠳᠤ ᠨᠢ ᠨᠡᠮᠡᠭᠦᠷᠢ ᠥᠭᠬᠦ᠂ ᠤᠷᠢᠳ ᠢᠶᠠᠷ ᠬᠤᠳᠠᠯᠳᠤᠨ ᠠᠪᠴᠤ ᠳᠠᠷᠠᠭ᠎ᠠ ᠳᠤ ᠨᠢ ᠨᠡᠮᠡᠭᠦᠷᠢ ᠥᠭᠬᠦ︾ ᠬᠡᠯᠪᠡᠷᠢ ᠪᠠᠷ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ︵ᠵᠢᠵᠢᠭ ᠬᠡᠯᠪᠡᠷᠢ ᠶᠢᠨ ᠦᠢᠯᠡᠳᠬᠡᠯ︶ ᠳᠤ ᠨᠢᠭᠡ ᠯᠡ ᠤᠳᠠᠭ᠎ᠠ ᠪᠠᠷ 10 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

12. ᠲᠡᠵᠢᠭᠡᠨ ᠦᠷᠡᠵᠢᠭᠦᠯᠬᠦ ᠲᠠᠯᠠᠪᠠᠢ ᠶᠢᠨ ᠲᠣᠭᠠᠵᠢᠭᠤᠯᠤᠨ ᠣᠶᠤᠨᠴᠢᠯᠠᠭᠰᠠᠨ ᠪᠠ ᠪᠣᠬᠢᠷᠲᠤᠯ ᠦᠭᠡᠢ ᠬᠥᠭᠵᠢᠯᠲᠡ ᠶᠢ ᠳᠡᠮᠵᠢᠵᠦ᠂ ᠤᠯᠤᠰ ᠤᠨ ᠰᠦ ᠶᠢᠨ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠯ ᠪᠦᠷᠢ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠲᠣᠬᠢᠷᠠᠭᠤᠯᠵᠤ᠂ ᠲᠡᠵᠢᠭᠡᠨ ᠪᠣᠷᠳᠣᠬᠤ᠂ ᠰᠦ ᠰᠠᠭᠠᠬᠤ᠂ ᠡᠷᠡᠭᠦᠯᠵᠢᠭᠦᠯᠬᠦ᠂ ᠬᠢᠵᠢᠭ ᠢ ᠰᠡᠷᠭᠡᠶᠢᠯᠡᠬᠦ ᠵᠡᠷᠭᠡ ᠵᠠᠩᠭᠢᠯᠠᠭ᠎ᠠ ᠶᠢᠨ ᠭᠤᠭᠴᠣᠭᠠᠨ ᠤ ᠪᠡᠯᠡᠳᠬᠡᠮᠵᠢ ᠲᠥᠬᠦᠭᠡᠷᠦᠮᠵᠢ ᠶᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠨᠢᠭᠡ ᠪᠦᠯᠦᠭ ᠥᠨᠳᠥᠷ ᠲᠦᠪᠰᠢᠨ ᠪᠦᠬᠦᠢ ᠵᠣᠬᠢᠬᠤ ᠬᠡᠮᠵᠢᠶ᠎ᠡ ᠪᠠᠷ ᠬᠡᠪᠴᠢᠶᠡᠵᠢᠭᠰᠡᠨ ᠣᠳᠣᠬᠢᠴᠢ ᠣᠶᠤᠨᠯᠢᠭ ᠮᠠᠯᠵᠢᠯ ᠤᠨ ᠲᠠᠯᠠᠪᠠᠢ ᠶᠢ ᠪᠦᠲᠦᠭᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠲᠣᠭᠠᠵᠢᠭᠤᠯᠤᠯᠲᠠ᠂ ᠣᠶᠤᠨᠴᠢᠯᠠᠯᠲᠠ ᠶᠢ ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠢᠯᠢᠳᠡᠭ ᠰᠠᠶᠢᠨ ᠲᠠᠷᠢᠶᠠᠯᠠᠩ ᠤᠨ ᠵᠢᠷᠤᠮᠵᠢᠯ ᠤᠨ ᠭᠡᠷᠡᠴᠢᠯᠡᠯᠲᠡ ︵GAP︶ ᠶᠢ ᠥᠷᠨᠢᠭᠦᠯᠬᠦ ᠶᠢ ᠳᠡᠮᠵᠢᠵᠦ᠂ ᠭᠡᠷᠡᠴᠢᠯᠡᠯᠲᠡ ᠪᠠᠷ ᠪᠠᠲᠤᠯᠠᠭᠳᠠᠭᠰᠠᠨ ᠳᠤ ᠨᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠳᠥᠷᠪᠡ᠂ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ

13. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠬᠥᠭᠵᠢᠭᠦᠯᠬᠦ ᠶᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠣ᠂ ᠰᠦᠨ ᠲᠡᠮᠦᠷᠲᠦ ᠤᠭᠤᠷᠠᠭ ᠵᠡᠷᠭᠡ ᠰᠦ ᠴᠠᠭᠠᠨ ᠢᠳᠡᠭᠡ ᠶᠢ ᠦᠢᠯᠡᠳᠪᠦᠷᠢᠯᠡᠬᠦ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ᠂ ᠲᠥᠬᠦᠭᠡᠷᠦᠮᠵᠢ ᠶᠢᠨ ᠪᠡᠯᠡ ᠣᠷᠤᠯᠠᠭᠤᠯᠤᠯᠲᠠ ᠶᠢᠨ ᠶᠡᠷᠦᠩᠬᠡᠢ ᠲᠣᠭᠠᠨ ᠤ 10% ᠪᠠᠷ ᠬᠠᠮᠤᠭ ᠶᠡᠭᠡ ᠳᠤ ᠪᠠᠨ 5000 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

14. ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠳᠡᠰ ᠳᠡᠪᠰᠢᠬᠦ ᠶᠢ ᠵᠣᠷᠢᠭᠵᠢᠭᠤᠯᠵᠤ᠂ ᠵᠢᠵᠢᠭ ᠬᠡᠯᠪᠡᠷᠢ ᠶᠢᠨ ᠦᠢᠯᠡᠳᠬᠡᠯ ᠨᠢ ᠰᠦ ᠴᠠᠭᠠᠨ ᠢᠳᠡᠭᠡ ᠡᠳ᠋ᠰᠢᠭᠦᠯᠵᠦ ᠪᠣᠯᠪᠠᠰᠤᠷᠠᠭᠤᠯᠬᠤ ᠠᠵᠤ ᠠᠬᠤᠶᠢᠯᠠᠯ ᠪᠣᠯᠵᠤ ᠳᠡᠰ ᠳᠡᠪᠰᠢᠭᠰᠡᠨ ᠪᠣᠯ ᠨᠢᠭᠡ ᠯᠡ ᠤᠳᠠᠭ᠎ᠠ ᠪᠠᠷ 50 ᠲᠦᠮᠡᠨ ᠲᠥᠭᠦᠷᠢᠭ ᠱᠠᠩᠨᠠᠨ᠎ᠠ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠬᠡᠯ ᠪᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠢᠳᠡᠭᠡᠨ ᠤ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠬᠦ ᠶᠢ ᠳᠡᠮᠵᠢᠵᠦ᠂ ᠬᠡᠪᠴᠢᠶᠡᠵᠢᠭᠦᠯᠦᠨ ᠡᠵᠡᠩᠨᠡᠵᠦ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠬᠡᠯ ᠬᠦᠷᠢᠶᠡᠯᠡᠩ ᠲᠣᠭᠤᠷᠢᠭ ᠲᠤ ᠣᠷᠣᠪᠠᠯ ᠨᠢᠭᠡ ᠯᠡ ᠤᠳᠠᠭ᠎ᠠ ᠪᠠᠷ 10 ᠲᠦᠮᠡᠨ ᠲᠥᠭᠦᠷᠢᠭ ᠱᠠᠩᠨᠠᠵᠤ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠬᠦᠷᠢᠶᠡᠯᠡᠩ ᠲᠣᠭᠤᠷᠢᠭ ᠲᠤ ᠣᠷᠣᠪᠠᠯ ᠨᠢᠭᠡ ᠯᠡ ᠤᠳᠠᠭ᠎ᠠ ᠪᠠᠷ 50 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

15. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠢᠰᠢᠯᠠᠭ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠬᠢᠭᠰᠡᠨ᠂ ᠳᠡᠭᠡᠷ᠎ᠡ ᠣᠨ ᠤ ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠬᠢᠭᠰᠡᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 2000 ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

16. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠪᠠᠨ ᠥᠷᠭᠡᠳᠬᠡᠬᠦ ᠶᠢ ᠳᠡᠮᠵᠢᠵᠦ᠂ ᠳᠡᠭᠡᠷ᠎ᠡ ᠣᠨ ᠤ ᠲᠦᠭᠦᠬᠡᠢ ᠰᠦ ᠶᠢ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠲᠣᠰ ᠲᠣᠰ 50% ᠶᠢ ᠨᠢ ᠡᠭᠦᠷᠭᠡᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

17. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠨᠢ 3 – 5 ᠳ᠋ᠤᠭᠠᠷ ᠰᠠᠷ᠎ᠠ ᠶᠢᠨ ᠪᠣᠷᠤᠯᠠᠭᠤᠯᠭ᠎ᠠ ᠬᠥᠭᠵᠢᠶᠡᠨ ᠦᠭᠡᠢ ᠤᠯᠠᠷᠢᠯ ᠳᠤ ᠭᠦᠢᠴᠡᠳ ᠲᠤᠭ᠎ᠠ ᠪᠠᠷ ᠰᠦ ᠬᠤᠳᠠᠯᠳᠤᠨ ᠠᠪᠴᠤ᠂ ᠲᠦᠭᠦᠬᠡᠢ ᠰᠦ ᠶᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠬᠤ ᠲᠣᠭᠠᠨ ᠤ 10% ᠪᠠᠷ᠂ ᠲᠣᠨ ᠪᠦᠷᠢ ᠳᠤ ᠨᠢ 1000 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠲᠣᠰ ᠲᠣᠰ 50% ᠶᠢ ᠨᠢ ᠡᠭᠦᠷᠭᠡᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠲᠠᠪᠤ᠂ ᠨᠡᠷᠡᠲᠦ ᠲᠡᠮᠳᠡᠭ ᠢ ᠪᠣᠢ ᠪᠣᠯᠭᠠᠬᠤ ᠶᠢ ᠴᠢᠩᠭᠠᠳᠬᠠᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ

18. ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠴᠣᠭᠴᠠᠯᠠᠵᠤ᠂ ᠰᠢᠯᠢ ᠶᠢᠨ ᠭᠤᠣᠯ ᠤᠨ ᠪᠢᠰᠢᠯᠠᠭ᠂ ᠬᠥᠯᠥᠨ ᠪᠦᠷ ᠤᠨ ᠦᠨᠢᠶᠡᠨ ᠰᠦ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠠᠶᠢᠭᠤᠯᠤᠯᠲᠠ ᠶᠢ ᠳᠡᠮᠵᠢᠵᠦ᠂ ᠭᠠᠵᠠᠷ ᠵᠦᠢ ᠶᠢᠨ ᠰᠢᠨᠵᠢ ᠲᠡᠮᠳᠡᠭᠲᠦ ᠰᠦ ᠴᠠᠭᠠᠨ ᠢᠳᠡᠭᠡ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠦᠭᠦᠬᠡᠢ ᠰᠦ ᠵᠢᠴᠢ ᠲᠡᠭᠦᠨ ᠢᠶᠠᠷ ᠬᠢᠭᠰᠡᠨ ᠡᠳ᠋ᠰᠢᠭᠦᠯᠦᠨ ᠪᠣᠯᠪᠠᠰᠤᠷᠠᠭᠤᠯᠤᠭᠰᠠᠨ ᠪᠦᠲᠦᠭᠡᠭᠳᠡᠭᠦᠨ ᠤ ᠲᠣᠭᠤᠷᠢᠨ ᠳᠤ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠬᠦ ᠪᠠᠷᠢᠮᠵᠢᠶ᠎ᠠ ᠶᠢ ᠲᠣᠭᠲᠠᠭᠠᠨ᠎ᠠ︔ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠶᠢ ᠥᠷᠨᠢᠭᠦᠯᠵᠦ᠂ ᠭᠠᠵᠠᠷ ᠵᠦᠢ ᠶᠢᠨ ᠲᠡᠮᠳᠡᠭᠲᠦ ᠰᠦ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠰᠢᠯᠢᠳᠡᠭᠵᠢᠭᠦᠯᠵᠦ ᠬᠦᠴᠦᠷᠬᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

19. ᠠᠵᠤ ᠦᠢᠯᠡᠰ ᠤᠨ ᠥᠪᠡᠷᠮᠢᠴᠡ ᠣᠨᠴᠠᠯᠢᠭ ᠲᠤ ᠲᠦᠰᠢᠭᠯᠡᠨ ᠠᠵᠤ ᠠᠬᠤᠢᠯᠠᠯ ᠤᠨ ᠨᠡᠷᠡᠲᠦ ᠲᠡᠮᠳᠡᠭ ᠢ ᠴᠣᠭᠴᠠᠯᠠᠵᠤ᠂ ᠰᠦ ᠴᠠᠭᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠦᠲᠦᠭᠡᠭᠳᠡᠭᠦᠨ ᠤ ᠴᠢᠨᠠᠷ ᠴᠢᠨᠰᠠᠭ᠎ᠠ ᠪᠠ ᠨᠡᠷᠡᠲᠦ ᠲᠡᠮᠳᠡᠭ ᠤᠨ ᠳᠦᠷᠢ ᠲᠥᠷᠬᠦ ᠪᠠᠨ ᠴᠣᠭᠴᠠᠯᠠᠬᠤ ᠶᠢ ᠴᠢᠩᠭᠠᠳᠬᠠᠵᠤ᠂ ᠢᠮᠠᠭᠠᠨ ᠤ ᠰᠦ᠂ ᠢᠩᠭᠡᠨ ᠤ ᠰᠦ᠂ ᠰᠠᠭᠠᠮ᠎ᠠ ᠵᠡᠷᠭᠡ ᠥᠪᠡᠷᠮᠢᠴᠡ ᠣᠨᠴᠠᠯᠢᠭ ᠲᠠᠢ ᠰᠦ ᠴᠠᠭᠠᠨ ᠢᠳᠡᠭᠡᠨ ᠤ ᠰᠢᠨ᠎ᠡ ᠨᠡᠷᠡᠲᠦ ᠲᠡᠮᠳᠡᠭ ᠢ ᠪᠣᠢ ᠪᠣᠯᠭᠠᠵᠤ᠂ ᠠᠵᠤ ᠦᠢᠯᠡᠰ ᠤᠨ ᠬᠡᠯᠬᠢᠶᠡᠨ ᠤ ᠭᠤᠣᠯᠯᠠᠬᠤ ᠠᠵᠤ ᠠᠬᠤᠢᠯᠠᠯ ᠤᠨ ᠨᠡᠷ᠎ᠡ ᠠᠯᠳᠠᠷ ᠢ ᠳᠡᠯᠡᠬᠡᠢ ᠶᠢᠨ ᠬᠡᠪᠴᠢᠶᠡᠨ ᠳᠤ ᠳᠠᠭᠤᠷᠢᠰᠤᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

20. ᠳᠡᠯᠡᠬᠡᠢ ᠶᠢᠨ ᠰᠦ ᠰᠠᠭᠠᠯᠢ ᠶᠢᠨ ᠦᠢᠯᠡᠰ ᠤᠨ ᠶᠡᠭᠡ ᠬᠤᠷᠠᠯ ᠢ ᠰᠠᠢᠲᠤᠷ ᠡᠷᠬᠢᠯᠡᠵᠦ᠂ ᠥᠪᠥᠷ ᠮᠣᠩᠭᠤᠯ ᠤᠨ ᠰᠦ ᠰᠠᠭᠠᠯᠢ ᠶᠢᠨ ᠦᠢᠯᠡᠰ ᠤᠨ ᠴᠢᠨᠠᠷ ᠰᠠᠢᠲᠠᠢ ᠬᠥᠭᠵᠢᠯᠲᠡ ᠶᠢᠨ ᠠᠮᠵᠢᠯᠲᠠ ᠪᠦᠲᠦᠭᠡᠯ ᠢ ᠭᠦᠢᠴᠡᠳ ᠢᠯᠡᠷᠡᠭᠦᠯᠦᠨ᠎ᠡ᠃ ᠢᠯᠢ ᠣᠳᠣ ᠦᠶ᠎ᠡ ᠶᠢᠨ ᠣᠶᠤᠨᠯᠢᠭ ᠡᠷᠡᠭᠦᠯ ᠮᠡᠨᠳᠦ ᠶᠢᠨ ᠵᠢᠯᠠᠭ᠎ᠠ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠬᠡᠮᠡᠬᠦ ᠬᠤᠶᠠᠷ ᠶᠡᠭᠡ ᠮᠢᠩᠭᠠᠨ ᠳ᠋ᠦᠩᠰᠢᠭᠤᠷ ᠤᠨ ᠳᠡᠰ ᠤᠨ ︽ᠠᠵᠤ ᠦᠢᠯᠡᠰ ᠪᠠ ᠬᠤᠲᠠ ᠶᠢᠨ ᠠᠭᠤᠰᠤᠯᠴᠠᠭ᠎ᠠ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠥᠬᠦ ᠪᠥᠮᠪᠥᠷᠴᠡᠭ ᠤᠨ ᠰᠦ ᠰᠠᠭᠠᠯᠢ ᠶᠢᠨ ᠦᠢᠯᠡᠰ ᠤᠨ ᠴᠢᠨᠠᠷ ᠰᠠᠢᠲᠠᠢ ᠬᠥᠭᠵᠢᠯᠲᠡ ᠶᠢᠨ ᠥᠨᠳᠥᠷ ᠲᠦᠪᠰᠢᠨᠲᠦ ᠭᠠᠵᠠᠷ ᠣᠷᠣᠨ ᠢ ᠴᠣᠭᠴᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠵᠢᠷᠭᠤᠭ᠎ᠠ᠂ ᠬᠡᠷᠡᠭᠯᠡᠭᠡ ᠶᠢ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠰᠦ ᠴᠠᠭᠠᠨ ᠢᠳᠡᠭᠡᠨ ᠤ ᠪᠣᠷᠣᠯᠠᠭᠤᠯᠭ᠎ᠠ ᠶᠢᠨ ᠬᠡᠮᠵᠢᠶ᠎ᠡ ᠶᠢ ᠥᠷᠭᠡᠳᠬᠡᠨ᠎ᠡ

21. ᠰᠦ ᠰᠠᠭᠠᠯᠢ ᠶᠢᠨ ᠦᠢᠯᠡᠰ ᠢ ᠤᠬᠠᠭᠤᠯᠬᠤ ᠡᠷᠴᠢᠮ ᠢᠶᠠᠨ ᠴᠢᠩᠭᠠᠳᠬᠠᠵᠤ᠂ ᠰᠦ ᠴᠠᠭᠠᠨ ᠢᠳᠡᠭᠡᠨ ᠤ ᠰᠢᠮ᠎ᠡ ᠲᠡᠵᠢᠭᠡᠯ ᠤᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠶᠠᠩᠵᠤ ᠶᠢᠨ᠂ ᠣᠷᠣᠨ ᠨᠤᠲᠤᠭᠵᠢᠭᠰᠠᠨ ᠬᠡᠷᠡᠭᠯᠡᠭᠡᠨ ᠤ ᠳᠠᠳᠬᠠᠯ ᠢ ᠪᠣᠢ ᠪᠣᠯᠭᠠᠨ᠎ᠠ᠃ ᠰᠦ ᠴᠠᠭᠠᠨ ᠢᠳᠡᠭᠡ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ ᠤᠨ ᠬᠡᠷᠡᠭᠯᠡᠭᠡᠨ ᠤ ᠵᠦᠢᠯ ᠤᠨ ᠦᠵᠡᠰᠭᠦᠯᠡᠩ ᠤᠨ ᠴᠤᠭᠯᠠᠭᠠᠨ᠂ ᠪᠣᠬᠢᠷᠲᠤᠯ ᠦᠭᠡᠢ ᠢᠳᠡᠭᠡᠨ ᠤ ᠵᠦᠢᠯ ᠤᠨ ᠦᠵᠡᠰᠭᠦᠯᠡᠩ ᠤᠨ ᠴᠤᠭᠯᠠᠭᠠᠨ ᠵᠡᠷᠭᠡ ᠤᠯᠤᠰ ᠤᠨ ᠳᠣᠲᠣᠭᠠᠳᠤ ᠳᠠᠬᠢ ᠨᠡᠷᠡᠲᠦ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠬᠤ᠂ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠰᠦ ᠴᠠᠭᠠᠨ ᠢᠳᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠎ᠡ᠃ ᠶᠠᠷᠢᠶ᠎ᠠ ᠬᠡᠯᠡᠯᠴᠡᠭᠡᠨ ᠤ ᠪᠠᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠡᠢᠭᠡᠮ ᠤᠨ ᠬᠠᠯᠠᠮᠵᠢᠯᠠᠨ ᠠᠩᠬᠠᠷᠴᠤ ᠪᠠᠶᠢᠭ᠎ᠠ ᠵᠦᠢᠯ ᠳᠤ ᠴᠠᠭ ᠲᠤᠬᠠᠢ ᠳᠤ ᠨᠢ ᠬᠠᠷᠢᠭᠤ ᠥᠭᠴᠦ᠂ ᠥᠪᠥᠷ ᠮᠣᠩᠭᠤᠯ ᠤᠨ ᠰᠦ ᠰᠠᠭᠠᠯᠢ ᠶᠢᠨ ᠦᠢᠯᠡᠰ ᠤᠨ ᠰᠠᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

22. ᠠᠵᠤ ᠦᠢᠯᠡᠳᠪᠦᠷᠢ ᠶᠢᠨ ᠵᠢᠭᠤᠯᠴᠢᠯᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠨᠦᠭᠦᠴᠡᠯ ᠳᠤ ᠨᠡᠶᠢᠴᠡᠬᠦ ᠰᠦ ᠰᠠᠭᠠᠯᠢ ᠶᠢᠨ ᠠᠵᠤ ᠦᠢᠯᠡᠰ ᠤᠨ ᠬᠡᠯᠬᠢᠶᠡᠨ ᠤ ᠠᠵᠤ ᠠᠬᠤᠢᠯᠠᠯ ᠤᠨ ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠢᠭᠤᠯᠬᠤ ᠶᠢ ᠳᠡᠮᠵᠢᠵᠦ᠂ ᠰᠦ ᠴᠠᠭᠠᠨ ᠢᠳᠡᠭᠡᠨ ᠤ ︽ᠬᠡᠷᠡᠭᠯᠡᠭᠡ + ᠵᠢᠭᠤᠯᠴᠢᠯᠠᠯ︾ ᠤᠨ ᠰᠢᠨ᠎ᠡ ᠵᠠᠭᠪᠤᠷ ᠢ ᠴᠣᠭᠴᠠᠯᠠᠨ᠎ᠠ᠃ ᠰᠡᠯᠡᠭᠦᠴᠡᠨ ᠵᠤᠭᠠᠴᠠᠬᠤ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢ ᠡᠭᠦᠳᠦᠨ ᠪᠠᠢᠭᠤᠯᠬᠤ ᠶᠢ ᠵᠣᠷᠢᠭᠵᠢᠭᠤᠯᠵᠤ᠂ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢ ᠲᠠᠷᠢᠶᠠᠯᠠᠩ ᠠᠵᠤ ᠠᠬᠤᠢ ᠪᠠ ᠬᠥᠳᠡᠭᠡ ᠲᠣᠰᠬᠤᠨ ᠤ ᠶᠠᠮᠤᠨ ᠤ ︽ᠬᠦᠰᠡᠯ ᠮᠥᠷᠥᠭᠡᠳᠦᠯ ᠪᠦᠬᠦᠢ ᠬᠥᠳᠡᠭᠡ ᠨᠤᠲᠤᠭ ᠤᠨ ᠵᠤᠭᠠᠴᠠᠯ︾ ᠬᠥᠳᠡᠭᠡ ᠲᠣᠰᠬᠤᠨ ᠤ ᠰᠡᠯᠡᠭᠦᠴᠡᠨ ᠵᠢᠭᠤᠯᠴᠢᠯᠠᠬᠤ ᠰᠦᠯᠵᠢᠶᠡᠨ ᠤ ᠲᠠᠪᠴᠠᠩ ᠳᠤ ᠭᠠᠷᠭᠠᠨ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

23. ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠪᠠᠨ ᠴᠢᠩᠭᠠᠳᠬᠠᠵᠤ᠂ ᠰᠦ ᠴᠠᠭᠠᠨ ᠢᠳᠡᠭᠡᠨ ᠤ ᠠᠵᠤ ᠠᠬᠤᠶᠢᠯᠠᠯ᠂ ᠡᠯ᠎ᠡ ᠲᠥᠷᠥᠯ ᠤᠨ ᠳᠡᠭᠡᠳᠦ ᠰᠤᠷᠭᠠᠭᠤᠯᠢ ᠶᠡᠭᠡ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠬᠥᠮᠥᠵᠢᠭᠦᠯᠬᠦ ᠶᠢ ᠳᠡᠮᠵᠢᠵᠦ᠂ ᠰᠦ ᠴᠠᠭᠠᠨ ᠢᠳᠡᠭᠡᠨ ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ ᠠᠬᠢᠭᠤᠯᠤᠨ᠎ᠠ᠃ ᠰᠦ ᠴᠠᠭᠠᠨ ᠢᠳᠡᠭᠡᠨ ᠤ ᠠᠵᠤ ᠠᠬᠤᠶᠢᠯᠠᠯ ᠪᠠ ᠬᠤᠳᠠᠯᠳᠤᠭᠠᠴᠢᠨ ᠡᠷᠦᠬᠡ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠣᠷᠳᠣᠨ ᠪᠠ ᠬᠤᠰᠢᠭᠤᠴᠢ ᠳᠡᠯᠭᠡᠭᠦᠷ ᠢ ᠡᠬᠢᠯᠡᠭᠦᠯᠦᠨ ᠨᠡᠭᠡᠭᠡᠯᠭᠡᠵᠦ᠂ ᠨᠡᠷᠡᠲᠦ ᠲᠡᠮᠳᠡᠭ ᠪᠠ ᠴᠢᠨᠠᠷ ᠴᠢᠨᠰᠠᠭ᠎ᠠ ᠶᠢᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠴᠤᠭᠯᠠᠭᠠᠨ᠂ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠵᠡᠷᠭᠡ ᠭᠤᠣᠯ ᠰᠡᠳᠦᠪᠲᠦ ᠪᠠᠶᠠᠷ ᠤᠨ ᠡᠳᠦᠷ ᠢᠶᠠᠷ ᠳᠠᠮᠵᠢᠭᠤᠯᠤᠨ ᠲᠥᠪᠯᠡᠷᠡᠭᠦᠯᠵᠦ ᠳᠡᠯᠭᠡᠷᠡᠭᠦᠯᠦᠨ ᠪᠣᠷᠣᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠳᠣᠯᠤᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠵᠤ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ

24. ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ ᠪᠠᠳᠠᠷᠠᠭᠤᠯᠵᠤ᠂ ᠵᠢᠯ ᠪᠦᠷᠢ 1 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡ ᠮᠥᠩᠭᠦ ᠶᠢ ᠲᠣᠬᠢᠷᠠᠭᠤᠯᠵᠤ᠂ ᠰᠦ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ᠨᠢᠭᠡ ᠪᠦᠯᠦᠭ ︽ᠪᠣᠭᠤᠮᠢ︾ ᠪᠣᠯᠵᠤ ᠪᠠᠶᠢᠭ᠎ᠠ ᠮᠡᠷᠭᠡᠵᠢᠯ ᠤᠨ ᠬᠦᠴᠢᠷ ᠠᠰᠠᠭᠤᠳᠠᠯ ᠢ ᠰᠢᠪᠲᠤᠯᠤᠨ᠎ᠠ᠃ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠥᠨᠳᠥᠷ ᠰᠢᠨᠵᠢᠯᠡᠭᠡ ᠮᠡᠷᠭᠡᠵᠢᠯ᠂ ᠥᠨᠳᠥᠷ ᠴᠢᠨᠠᠷ ᠴᠢᠨᠰᠠᠭ᠎ᠠ᠂ ᠥᠨᠳᠥᠷ ᠳᠠᠭᠠᠯᠲᠠ ᠥᠷᠳᠡᠭ ᠲᠠᠢ ᠳᠡᠭᠡᠳᠦ ᠳᠡᠰ ᠳᠠᠪᠬᠤᠷᠭ᠎ᠠ ᠶᠢᠨ ᠰᠦ ᠴᠠᠭᠠᠨ ᠢᠳᠡᠭᠡ ᠨᠡᠭᠡᠭᠡᠨ ᠬᠥᠭᠵᠢᠭᠦᠯᠬᠦ ᠶᠢ ᠨᠢ ᠳᠡᠮᠵᠢᠵᠦ᠂ ᠵᠠᠬ᠎ᠠ ᠳᠡᠯᠭᠡᠭᠦᠷ ᠤᠨ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

25. ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶᠡᠨ ᠤ ᠡᠭᠦᠯᠳᠡᠷ ᠤᠨ ᠦᠢᠯᠡᠰ ᠤᠨ ᠰᠢᠨ᠎ᠡ ᠡᠭᠦᠳᠦᠯᠲᠡ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠯ ᠪᠦᠷᠢ ︽ᠵᠠᠷᠯᠠᠯ ᠨᠡᠢᠲᠡᠯᠡᠵᠦ ᠬᠤᠰᠢᠭᠤᠷᠠᠨ ᠠᠵᠢᠯᠯᠠᠬᠤ︾ ᠬᠡᠯᠪᠡᠷᠢ ᠪᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠤᠳ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠪᠣᠳᠠᠲᠠᠶᠢᠵᠢᠭᠤᠯᠤᠨ ᠤᠯᠠᠷᠢᠭᠤᠯᠤᠭᠰᠠᠨ ᠭᠤᠣᠯᠯᠠᠬᠤ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠪᠣᠯ ᠱᠠᠩᠨᠠᠨ ᠬᠥᠬᠢᠭᠦᠯᠦᠨ᠎ᠡ᠃ ᠰᠦ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠬᠦᠷᠢᠶᠡᠨ ᠳᠤ ᠰᠢᠪᠲᠤᠯᠤᠯᠲᠠ ᠶᠢᠨ ᠴᠢᠨᠠᠷ ᠲᠠᠢ ᠠᠬᠢᠴᠠ ᠲᠠᠢ ᠪᠣᠯᠣᠭᠰᠠᠨ ᠪᠤᠶᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠬᠢᠭᠰᠡᠨ ᠭᠤᠣᠯ ᠴᠣᠭᠴᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠰᠡᠳᠦᠪ ᠲᠣᠭᠲᠠᠭᠠᠬᠤ ᠦᠶ᠎ᠡ ᠳᠤ ᠭᠤᠣᠯᠳᠠᠯᠭ᠎ᠠ ᠲᠠᠢ ᠪᠠᠷ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

26. ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠨᠡᠶᠢᠭᠡᠮ ᠤᠨ ᠪᠦᠯᠬᠦᠮ ᠵᠡᠷᠭᠡ ᠶᠢᠨ ᠬᠢᠨ ᠤ ᠣᠷᠣᠨ ᠨᠤᠲᠤᠭ᠂ ᠠᠵᠢᠯ ᠲᠥᠷᠥᠯ᠂ ᠪᠦᠯᠬᠦᠮ ᠨᠡᠶᠢᠲᠡ ᠵᠡᠷᠭᠡ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ ᠰᠦ ᠴᠠᠭᠠᠨ ᠢᠳᠡᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠢᠳᠡᠪᠬᠢᠲᠡᠢ ᠪᠠᠷ ᠤᠯᠤᠰ ᠤᠨ ᠪᠠ ᠭᠠᠵᠠᠷ ᠣᠷᠣᠨ ᠤ ᠪᠠᠷᠢᠮᠵᠢᠶ᠎ᠠ ᠲᠣᠭᠲᠠᠭᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠠᠵᠢᠯ ᠲᠥᠷᠥᠯ ᠤᠨ ᠬᠥᠭᠵᠢᠯᠲᠡ ᠶᠢᠨ ᠬᠢᠷᠢ ᠲᠦᠪᠰᠢᠨ ᠢ ᠬᠥᠲᠥᠯᠥᠨ ᠵᠢᠯᠣᠭᠤᠳᠴᠤ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠨᠠᠢᠮᠠ᠂ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠦ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ

27. ᠰᠠᠭᠠᠯᠢ ᠶᠢᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠪᠷᠦ᠋ᠼᠧᠯ ᠡᠪᠡᠳᠴᠢᠨ ᠤ ᠸᠠᠺᠼᠢᠨ ᠢ ᠨᠢᠭᠡᠳᠦᠯᠲᠡᠢ ᠬᠤᠳᠠᠯᠳᠤᠨ ᠠᠪᠴᠤ᠂ ᠨᠢᠷᠠᠢ ᠲᠣᠭᠤᠯ᠂ ᠰᠢᠨ᠎ᠡ ᠪᠠᠷ ᠨᠡᠮᠡᠭᠳᠡᠭᠦᠯᠦᠭᠰᠡᠨ ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠳᠤ ᠡᠭᠡᠯᠢᠯᠡᠭᠡ ᠬᠢᠨ᠎ᠡ︔ ᠰᠠᠭᠠᠯᠢ ᠶᠢᠨ ᠦᠨᠢᠶᠡᠨ ᠤ ᠬᠡᠪᠴᠢᠶᠡᠵᠢᠭᠰᠡᠨ ᠲᠠᠯᠠᠪᠠᠢ ᠶᠢᠨ ᠰᠦᠷᠢᠶ᠎ᠡ ᠡᠪᠡᠳᠴᠢᠨ ᠢ ᠪᠠᠶᠢᠴᠠᠭᠠᠨ ᠰᠢᠨᠵᠢᠬᠦ ᠳᠤ ᠦᠨᠢᠶ᠎ᠡ ᠪᠦᠷᠢ ᠳᠤ 15 ᠲᠥᠭᠦᠷᠢᠭ ᠤᠨ ᠨᠡᠮᠡᠭᠦᠷᠢ ᠥᠭᠭᠦᠨ᠎ᠡ︔ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠵᠡᠷᠭᠡ ᠶᠢ ᠠᠷᠢᠭᠤᠳᠬᠠᠬᠤ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠦᠨ ᠪᠠᠶᠢᠭᠤᠯᠤᠭᠰᠠᠨ ᠲᠠᠯᠠᠪᠠᠢ ᠪᠠᠷ ᠦᠨᠡᠯᠡᠨ ᠵᠢᠱᠢᠭᠦᠯᠵᠦ ᠪᠠᠲᠤᠯᠠᠭᠳᠠᠭᠰᠠᠨ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠳᠤ 50 ᠲᠦᠮᠡᠨ ᠲᠥᠭᠦᠷᠢᠭ ᠱᠠᠩᠨᠠᠵᠤ᠂ ᠤᠯᠤᠰ ᠤᠨ ᠳᠡᠰ ᠤᠨ ᠠᠷᠢᠭᠤᠳᠬᠠᠬᠤ ᠲᠠᠯᠠᠪᠠᠢ ᠪᠤᠶᠤ ᠤᠯᠤᠰ ᠤᠨ ᠳᠡᠰ ᠤᠨ ᠬᠢᠵᠢᠭ ᠦᠭᠡᠢ ᠬᠤᠷᠢᠶᠠᠯᠠᠯ ᠢᠶᠠᠷ ᠦᠨᠡᠯᠡᠨ ᠵᠢᠱᠢᠭᠦᠯᠵᠦ ᠪᠠᠲᠤᠯᠠᠭᠳᠠᠭᠰᠠᠨ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠳᠤ 100 ᠲᠦᠮᠡᠨ ᠲᠥᠭᠦᠷᠢᠭ ᠱᠠᠩᠨᠠᠨ᠎ᠠ᠃ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠵᠡᠷᠭᠡ ᠬᠥᠮᠥᠨ ᠪᠠ ᠮᠠᠯ ᠳᠤ ᠴᠥᠮ ᠲᠣᠰᠳᠠᠭ ᠭᠡᠮ ᠬᠢᠵᠢᠭ ᠪᠠ ᠰᠠᠭᠠᠯᠢ ᠶᠢᠨ ᠦᠨᠢᠶᠡᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠤ ᠸᠠᠺᠼᠢᠨ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠳᠤ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

28. ᠤᠯᠤᠰ᠂ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠦ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠯᠲᠠ ᠬᠡᠮᠵᠢᠯᠲᠡ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠦᠭᠦᠬᠡᠢ ᠰᠦ ᠬᠤᠳᠠᠯᠳᠤᠨ ᠠᠪᠬᠤ ᠥᠷᠳᠡᠭᠡ ᠪᠠ ᠵᠥᠭᠡᠭᠡᠪᠦᠷᠢᠯᠡᠬᠦ ᠲᠡᠷᠭᠡ ᠬᠥᠰᠭᠡ ᠪᠥᠬᠦᠨ ᠳᠤ ᠬᠢᠨᠠᠯᠲᠠ ᠬᠡᠮᠵᠢᠯᠲᠡ ᠬᠢᠬᠦ ᠶᠢ ᠪᠠᠲᠤᠯᠠᠨ᠎ᠠ᠃ ᠵᠠᠬ᠎ᠠ ᠳᠡᠯᠭᠡᠭᠦᠷ ᠤᠨ ᠬᠠᠩᠭᠠᠨ ᠪᠣᠷᠣᠯᠠᠭᠤᠯᠬᠤ ᠡᠮᠬᠢ ᠳᠢᠭᠯᠢᠮ ᠢ ᠡᠪᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠬᠠᠥᠯᠢ ᠶᠣᠰᠣᠭᠠᠷ ᠬᠦᠴᠦᠨ ᠦᠭᠡᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠶᠢᠰᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ

29. ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ︽ᠬᠡᠯᠬᠢᠶᠡᠨ ᠳᠠᠷᠤᠭ᠎ᠠ ᠶᠢᠨ ᠳᠦᠷᠢᠮ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠠᠵᠢᠯᠯᠠᠬᠤ ᠡᠷᠴᠢᠮ ᠢᠶᠠᠨ ᠴᠢᠩᠭᠠᠷᠠᠭᠤᠯᠵᠤ᠂ ᠬᠠᠮᠵᠢᠯᠴᠠᠵᠤ ᠬᠠᠮᠲᠤᠷᠠᠬᠤ ᠪᠠᠨ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠢᠲᠤᠷ ᠬᠢᠨ᠎ᠡ᠃ ᠨᠡᠮᠡᠭᠦᠷᠢ ᠶᠢᠨ ᠲᠥᠷᠥᠯ ᠤᠨ ᠲᠥᠷᠥ ᠶᠢᠨ ᠪᠣᠳᠣᠯᠭ᠎ᠠ ᠳᠤ ᠬᠡᠷᠡᠭᠵᠢᠭᠦᠯᠬᠦ ᠨᠠᠷᠢᠨ ᠳᠦᠷᠢᠮ ︵ᠲᠥᠰᠥᠯ︶ ᠲᠣᠭᠲᠠᠭᠠᠵᠤ᠂ ᠡᠯ᠎ᠡ ᠬᠠᠷᠢᠭᠤᠴᠠᠯᠭᠠᠲᠤ ᠨᠢᠭᠡᠴᠢ ᠨᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠳᠠᠯᠠᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠴᠠᠭ ᠲᠤᠬᠠᠢ ᠳᠤ ᠨᠢ ᠠᠵᠢᠯ ᠢᠶᠠᠨ ᠰᠤᠳᠤᠯᠵᠤ᠂ ᠡᠭᠦᠷᠭᠡ ᠪᠠᠨ ᠳᠣᠷᠣᠭᠰᠢ ᠳᠡᠯᠭᠡᠨ ᠪᠠᠶᠢᠷᠢᠯᠠᠭᠤᠯᠵᠤ᠂ ᠠᠰᠠᠭᠤᠳᠠᠯ ᠢ ᠰᠢᠢᠳᠪᠦᠷᠢᠯᠡᠨ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠳᠡᠪᠰᠢᠭᠦᠯᠵᠦ ᠰᠤᠳᠤᠯᠤᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ ᠬᠠᠷᠢᠭᠤᠴᠠᠯᠭᠠᠲᠤ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

30. ᠲᠦᠭᠦᠬᠡᠢ ᠰᠦ ᠶᠢᠨ ᠦᠢᠯᠡᠳᠪᠦᠷᠢᠯᠡᠬᠦ ᠥᠪᠡᠷ ᠤᠨ ᠥᠷᠳᠡᠭ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠠᠷᠠᠯᠵᠢᠶᠠᠨ ᠤ ᠯᠠᠪᠯᠠᠯᠲᠠ ᠶᠢᠨ ᠦᠨ᠎ᠡ ᠬᠠᠩᠰᠢ ᠶᠢᠨ ᠬᠡᠪ ᠵᠠᠭᠪᠤᠷ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠦ ᠪᠠᠶᠢᠭᠠᠳ ᠲᠦᠭᠦᠬᠡᠢ ᠰᠦ ᠶᠢᠨ ᠦᠨ᠎ᠡ ᠬᠠᠩᠰᠢ ᠶᠢ ᠵᠥᠪᠳᠡᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠭᠦᠬᠡᠢ ᠰᠦ ᠪᠣᠷᠣᠯᠠᠭᠤᠯᠬᠤ ᠪᠠ ᠬᠤᠳᠠᠯᠳᠤᠨ ᠠᠪᠬᠤ ᠡᠮᠬᠢ ᠳᠢᠭᠯᠢᠮ ᠢ ᠲᠣᠭᠲᠠᠪᠤᠷᠢᠵᠢᠭᠤᠯᠤᠨ᠎ᠠ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠦᠨᠡᠯᠡᠯᠲᠡ ᠵᠢᠱᠢᠯᠲᠡ ᠶᠢ ᠢᠳᠡᠪᠬᠢᠲᠡᠢ ᠪᠠᠷ ᠥᠷᠨᠢᠭᠦᠯᠵᠦ᠂ ᠵᠠᠬ᠎ᠠ ᠳᠡᠯᠭᠡᠭᠦᠷ ᠤᠨ ᠰᠡᠷᠡᠮᠵᠢᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠬᠡᠲᠦᠷᠡᠮᠡᠬᠡᠢ ᠪᠠᠶᠢᠳᠠᠯ ᠡᠭᠦᠰᠬᠦ ᠠᠴᠠ ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

31. ᠰᠠᠯᠭᠠᠨ ᠥᠭᠬᠦ ᠲᠣᠭᠲᠠᠴᠠ ᠳᠤ ᠰᠢᠨ᠎ᠡ ᠶᠢ ᠡᠭᠦᠳᠴᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢ ᠠᠶᠢᠮᠠᠭ ᠬᠤᠲᠠ ᠠᠴᠠ ᠬᠡᠷᠡᠭᠵᠢᠭᠦᠯᠬᠦ ᠭᠤᠣᠯ ᠴᠣᠭᠴᠠ ᠳᠤ ᠰᠢᠭᠤᠳ ᠰᠠᠯᠭᠠᠨ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠡᠯᠡ ᠮᠥᠩᠭᠦᠨ ᠤ ᠵᠠᠷᠤᠯᠭ᠎ᠠ ᠶᠢᠨ ᠠᠬᠢᠴᠠ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

32. ᠰᠠᠭᠤᠷᠢ ᠮᠥᠩᠭᠦᠨ ᠤ ᠵᠢᠭᠡᠯᠡᠯᠭᠡ ᠶᠢᠨ ᠲᠡᠮᠳᠡᠭᠲᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ ᠨᠦᠬᠡᠴᠡ ᠭᠦᠢᠴᠡᠳ ᠮᠥᠷᠲᠡᠭᠡᠨ ᠠᠵᠢᠯ ᠡᠬᠢᠯᠡᠭᠦᠯᠬᠦ ᠨᠦᠭᠦᠴᠡᠯ ᠲᠠᠢ ᠰᠦ ᠰᠠᠭᠠᠯᠢ ᠶᠢᠨ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠬᠢ ᠪᠡᠯᠡ ᠣᠷᠤᠭᠤᠯᠤᠯᠲᠠ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠡᠵᠢᠭᠡᠨ ᠦᠷᠡᠵᠢᠭᠦᠯᠬᠦ᠂ ᠡᠪᠡᠰᠦᠨ ᠤ ᠦᠢᠯᠡᠰ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

33. ᠮᠥᠩᠭᠦᠨ ᠭᠦᠢᠯᠭᠡᠭᠡᠨ ᠤ ᠳᠡᠮᠵᠢᠯᠭᠡ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠵᠠᠬ᠎ᠠ ᠳᠤ ᠭᠠᠷᠴᠤ ᠫᠠᠶᠢᠰᠠ ᠡᠯᠭᠦᠬᠦ ᠶᠢ ᠱᠠᠩᠨᠠᠨ ᠨᠥᠬᠦᠪᠦᠷᠢᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠦᠭᠦᠴᠡᠯ ᠳᠤ ᠨᠡᠶᠢᠴᠡᠭᠰᠡᠨ ᠡᠪᠡᠰᠦᠨ ᠤ ᠦᠢᠯᠡᠰ᠂ ᠰᠦ ᠶᠢᠨ ᠦᠢᠯᠡᠰ ᠵᠡᠷᠭᠡ ᠠᠵᠤ ᠠᠬᠤᠶᠢᠯᠠᠯ ᠤᠨ ᠫᠠᠶᠢᠰᠠ ᠡᠯᠭᠦᠬᠦ᠂ ᠵᠠᠬ᠎ᠠ ᠳᠤ ᠭᠠᠷᠴᠤ ᠪᠡᠯᠡ ᠲᠣᠬᠢᠷᠠᠭᠤᠯᠬᠤ ᠪᠠ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ︔ ︽ᠪᠠᠲᠤᠯᠠᠬᠤ ᠳᠤ ᠲᠤᠰᠠᠯᠠᠬᠤ ᠵᠢᠭᠡᠯᠡᠯᠭᠡ︾᠂ ︽ᠠᠮᠢᠳᠤ ᠪᠡᠶᠡᠲᠦ ᠶᠢᠨ ᠵᠢᠭᠡᠯᠡᠯᠭᠡ︾᠂ ︽ᠳᠠᠭᠠᠳᠬᠠᠯ ᠤᠨ ᠬᠠᠭᠤᠳᠠᠰᠤ ᠪᠠᠷ ᠳᠠᠨᠵᠢᠯᠠᠬᠤ︾᠂ ︽ᠬᠥᠬᠡ ᠳᠠᠷᠤᠰᠢ ᠶᠢᠨ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠨᠡᠷᠡᠳᠭᠦᠨ ᠢ ᠶᠡᠭᠡ ᠬᠦᠴᠦᠨ ᠢᠶᠠᠷ ᠳᠡᠯᠭᠡᠷᠡᠭᠦᠯᠦᠨ᠎ᠡ︔ ᠦᠨᠢᠶᠡᠨ ᠰᠦ ᠶᠢᠨ ᠦᠨ᠎ᠡ ᠬᠠᠩᠰᠢ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠦᠨ᠎ᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠵᠣᠬᠢᠰᠲᠠᠢ ᠲᠣᠭᠲᠠᠭᠠᠬᠤ ᠶᠢ ᠵᠣᠷᠢᠭᠵᠢᠭᠤᠯᠵᠤ᠂ ᠤᠷᠲᠤᠪᠲᠤᠷ ᠪᠠ ᠤᠷᠳᠤ ᠬᠤᠭᠤᠴᠠᠭᠠᠨ ᠤ ᠬᠠᠷᠠᠭᠠᠯᠵᠠᠯᠲᠤ ᠬᠦᠦ ᠮᠥᠩᠭᠦᠨ ᠤ ᠨᠣᠷᠮ᠎ᠠ ᠶᠢᠨ ᠵᠢᠭᠡᠯᠡᠯᠭᠡ ᠣᠯᠭᠤᠵᠤ᠂ ᠤᠷᠲᠤᠪᠲᠤᠷ ᠪᠠ ᠤᠷᠳᠤ ᠬᠤᠭᠤᠴᠠᠭᠠᠨ ᠤ ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠲᠠᠷᠢᠶᠠᠯᠠᠩ ᠲᠠᠢ ᠬᠤᠯᠪᠣᠭᠳᠠᠬᠤ ᠵᠢᠭᠡᠯᠡᠯᠭᠡ ᠶᠢᠨ ᠲᠦᠭᠰᠢᠭᠦᠷᠢ ᠶᠢᠨ ᠬᠦᠯᠢᠴᠡᠨ ᠲᠡᠰᠪᠦᠷᠢᠯᠡᠬᠦ ᠪᠠᠶᠢᠳᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠳᠡᠭᠡᠷᠡᠬᠢ ᠲᠥᠷᠥ ᠶᠢᠨ ᠪᠣᠳᠣᠯᠭ᠎ᠠ ᠶᠢ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠦᠴᠦᠨ ᠲᠠᠢ᠃ ︽ᠰᠦ ᠰᠠᠭᠠᠯᠢ ᠶᠢᠨ ᠦᠢᠯᠡᠰ ᠤᠨ ᠥᠷᠨᠢᠭᠦᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 33 ᠳ᠋ᠤᠭᠠᠷ ᠲᠣᠭᠠᠲᠤ︶᠂ ︽ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠦ ᠶᠢ ᠠᠶᠢᠮᠠᠭ ᠬᠤᠲᠠ ᠠᠯᠤᠰᠯᠠᠨ ᠰᠢᠯᠵᠢᠭᠦᠯᠦᠨ ᠵᠥᠭᠡᠭᠡᠪᠦᠷᠢᠯᠡᠬᠦ ᠨᠡᠮᠡᠭᠦᠷᠢ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2022﹈ 507 ᠳ᠋ᠤᠭᠠᠷ ᠲᠣᠭᠠᠲᠤ︶ ᠢ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃

ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 

2023 ᠤᠨ ᠤ 9 ᠳ᠋ᠦ᠋ᠭᠡᠷ ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map