ᠣᠶᠢᠷ᠎ᠠ ᠶᠢᠨ ᠵᠢᠯ ᠤᠳ ᠲᠤ᠂ ᠬᠥᠬᠡᠬᠤᠲᠠ ᠲᠣᠭᠠᠴᠢᠯᠠᠭᠰᠠᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠤ ᠳᠥᠭᠦᠮᠯᠡᠵᠦ ᠠᠰᠢᠭ ᠬᠦᠷᠲᠡᠭᠡᠬᠦ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠴᠦ᠂ ᠣᠶᠤᠨᠲᠤ ᠦᠢᠯᠡᠴᠢᠯᠡᠭᠡᠨ ᠤ ᠠᠬᠤᠢ ᠪᠠᠶᠢᠳᠠᠯ ᠢ ᠲᠠᠰ ᠳᠡᠪᠰᠢᠭᠦᠯᠵᠦ᠂ ᠣᠶᠢᠷ᠎ᠠ ᠶᠢᠨ ᠡᠳᠦᠷ ᠨᠡᠶᠢᠲᠡᠯᠡᠭᠰᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ︽ᠨᠢᠭᠤᠷᠳᠠᠬᠤ ᠦᠭᠡᠢ ᠪᠠᠷ ᠬᠢᠨᠠᠨ ᠵᠥᠪᠰᠢᠶᠡᠷᠡᠬᠦ︾ ᠵᠠᠭᠪᠤᠷ ᠢᠶᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠮᠠᠲ᠋ᠧᠷᠢᠶᠠᠯ ᠦᠭᠡᠢ︾ ︽ᠭᠦᠶᠦᠯᠭᠡᠬᠦ ᠦᠭᠡᠢ︾ ᠪᠣᠯᠭᠠᠬᠤ ᠶᠢ ᠪᠡᠶᠡᠯᠡᠭᠦᠯᠵᠡᠢ᠃
1 ᠳ᠋ᠦ᠋ᠭᠡᠷ ᠰᠠᠷ᠎ᠠ ᠶᠢᠨ 2 ᠠᠴᠠ ᠡᠬᠢᠯᠡᠨ᠂ ᠬᠥᠬᠡᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠵᠢᠭᠡᠯᠡᠭᠴᠢ ︽ᠬᠥᠬᠡᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ App ᠪᠠᠷ ︽ᠭᠡᠷ ᠠᠴᠠ ᠪᠠᠨ ᠭᠠᠷᠬᠤ ᠦᠭᠡᠢ︾ ︽7 × 24︾ ᠴᠠᠭ ᠢᠶᠠᠷ᠂ ᠣᠷᠣᠨ ᠪᠦᠰᠡ ᠠᠯᠤᠰᠯᠠᠨ ᠰᠦᠯᠵᠢᠶᠡᠨ ᠳᠡᠭᠡᠷ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠃ ︽ᠮᠠᠰᠢ ᠳᠥᠭᠦᠮ︾᠂ ︽ᠮᠠᠰᠢ ᠬᠢᠯᠪᠠᠷ︾ ᠪᠠ ︽ᠮᠠᠰᠢ ᠲᠦᠷᠭᠡᠨ︾ ᠢᠶᠠᠷ ᠦᠢᠯᠡᠴᠢᠯᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ᠂ ᠬᠢᠨᠠᠨ ᠵᠥᠪᠰᠢᠶᠡᠷᠡᠬᠦ᠂ ᠨᠢᠭᠤᠷᠲᠠᠨ ᠭᠠᠷ ᠤᠨ ᠥᠰᠥᠭ ᠵᠢᠷᠤᠬᠤ᠂ ᠪᠠᠷᠢᠴᠠᠭᠠᠯᠠᠬᠤ ᠪᠠ ᠵᠢᠭᠡᠯᠡᠯᠭᠡ ᠲᠠᠯᠪᠢᠬᠤ ᠵᠡᠷᠭᠡ ᠵᠠᠩᠭᠢᠯᠠᠭ᠎ᠠ ᠶᠢᠨ ᠶᠠᠪᠤᠴᠠ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠭᠤᠶᠤᠴᠢᠯᠠᠬᠤ᠂ ᠮᠠᠲ᠋ᠧᠷᠢᠶᠠᠯ ᠦᠭᠡᠢ ᠪᠠᠷ ᠭᠦᠢᠴᠡᠳᠬᠡᠬᠦ᠂ ᠴᠠᠭᠠᠰᠤ ᠬᠡᠷᠡᠭᠯᠡᠬᠦ ᠦᠭᠡᠢ ᠪᠠᠷ ᠬᠢᠨᠠᠨ ᠵᠥᠪᠰᠢᠶᠡᠷᠡᠬᠦ᠂ ᠡᠯᠧᠺᠲᠷᠣᠨ ᠭᠡᠷ᠎ᠡ ᠳᠤ ᠭᠠᠷ ᠤᠨ ᠥᠰᠥᠭ ᠵᠢᠷᠤᠬᠤ ᠪᠠ ᠪᠠᠷᠢᠴᠠᠭᠠᠯᠠᠬᠤ ᠳᠠᠩᠰᠠᠯᠠᠯᠲᠠ ᠶᠢᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠠᠵᠢᠯᠲᠠᠨ ᠠᠵᠢᠯᠴᠢᠨ ᠤ ᠵᠢᠭᠡᠯᠡᠯᠭᠡ ᠭᠤᠶᠤᠴᠢᠯᠠᠬᠤ᠂ ᠳᠠᠭᠠᠭᠠᠯᠲᠠ ᠬᠢᠵᠦ ᠪᠠᠷᠢᠴᠠᠭᠠᠯᠠᠬᠤ ᠵᠡᠷᠭᠡ ᠵᠠᠩᠭᠢᠯᠠᠭ᠎ᠠ ᠳᠤ ︽ᠣᠯᠠᠨ ᠲᠡᠶᠢᠰᠢ ᠭᠦᠶᠦᠬᠦ᠂ ᠣᠯᠠᠨ ᠤᠳᠠᠭ᠎ᠠ ᠭᠦᠶᠦᠬᠦ︾ ᠵᠡᠷᠭᠡ ᠡᠪᠡᠷᠰᠢᠶᠡᠯ ᠤᠳ ᠢ ᠰᠢᠢᠳᠪᠦᠷᠢᠯᠡᠪᠡ᠃
ᠡᠭᠦᠨ ᠠᠴᠠ ᠭᠠᠳᠠᠨ᠎ᠠ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠦᠢᠯᠡᠴᠢᠯᠡᠭᠡᠨ ᠤ ᠠᠷᠠᠳ ᠲᠤ ᠳᠥᠭᠦᠮᠯᠡᠬᠦ ᠶᠢ ᠦᠷᠭᠦᠯᠵᠢᠯᠡᠨ ᠠᠬᠢᠭᠤᠯᠵᠤ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠨᠢ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠯᠦᠭᠡ ᠬᠠᠮᠲᠤᠷᠠᠨ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ + ᠥᠯᠥ ᠬᠥᠳᠡᠯᠬᠦ ᠬᠥᠷᠥᠩᠭᠡ ᠶᠢᠨ ᠪᠡᠷᠢᠴᠠᠭᠠᠨ ᠤ ᠳᠠᠩᠰᠠᠯᠠᠯᠲᠠ︾ ᠶᠢᠨ ᠳ᠋ᠠᠶᠢᠲ᠋ᠠ ᠬᠤᠪᠢᠶᠠᠯᠴᠠᠬᠤ ᠭᠡᠷ᠎ᠡ ᠲᠣᠭᠲᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠪᠡᠷᠢᠴᠠᠭᠠᠨ ᠤ ᠳᠠᠩᠰᠠᠯᠠᠯᠲᠠ︾ ᠶᠢᠨ ᠠᠵᠢᠯ ᠤᠨ ᠰᠢᠨ᠎ᠡ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠥᠯᠥ ᠬᠥᠳᠡᠯᠬᠦ ᠬᠥᠷᠥᠩᠭᠡ ᠶᠢᠨ ᠪᠠᠷᠢᠴᠠᠭᠠᠨ ᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃
︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ + ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠪᠡᠷᠢᠴᠠᠭᠠᠨ ᠤ ᠳᠠᠩᠰᠠᠯᠠᠯᠲᠠ︾ ᠶᠢᠨ ᠰᠢᠰᠲ᠋ᠧᠮ ᠢ ᠰᠢᠭᠤᠳ ᠵᠠᠯᠭᠠᠭᠰᠠᠨ ᠤ ᠳᠠᠷᠠᠭ᠎ᠠ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠪᠠ ᠥᠯᠥ ᠬᠥᠳᠡᠯᠬᠦ ᠬᠥᠷᠥᠩᠭᠡ ᠶᠢᠨ ᠪᠡᠷᠢᠴᠠᠭᠠᠨ ᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠤᠤᠯ ᠤᠨ ︽ᠨᠢᠭᠡ ᠥᠷᠲᠡᠭᠡᠨ︾ ᠤ ᠦᠢᠯᠡᠴᠢᠯᠡᠭᠡ ᠠᠴᠠ ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠪᠣᠯᠭᠠᠨ ᠲᠠᠰ ᠳᠡᠪᠰᠢᠭᠦᠯᠵᠦ᠂ ᠬᠥᠬᠡᠬᠤᠲᠠ ᠶᠢᠨ ᠣᠯᠠᠨ ᠲᠦᠮᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠪᠡᠷᠢᠴᠠᠭᠠᠨ ᠤ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠪᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠬᠤᠭᠤᠷᠣᠨᠳᠤ ᠭᠦᠶᠦᠯᠳᠦᠵᠦ ᠪᠠᠶᠢᠭᠰᠠᠨ ᠢ ᠪᠦᠷᠢᠮᠦᠰᠦᠨ ᠡᠴᠦᠰᠯᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠪᠠ ᠥᠯᠥ ᠬᠥᠳᠡᠯᠬᠦ ᠬᠥᠷᠥᠩᠭᠡ ᠶᠢᠨ ᠪᠡᠷᠢᠴᠠᠭᠠᠨ ᠤ ᠳᠠᠩᠰᠠᠯᠠᠯᠲᠠ ᠶᠢᠨ ︽ᠰᠦᠯᠵᠢᠶᠡᠨ ᠳᠡᠭᠡᠷ᠎ᠡ ᠦᠢᠯᠡᠴᠢᠯᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠬᠠᠷᠠᠯᠲᠠ ᠶᠢ ᠪᠡᠶᠡᠯᠡᠭᠦᠯᠵᠦ᠂ ︽ᠣᠯᠠᠨ ᠲᠦᠮᠡᠨ ᠭᠦᠶᠦᠯᠳᠦᠵᠦ︾ ᠪᠠᠶᠢᠭᠰᠠᠨ ᠢ ︽ᠰᠠᠯᠠᠭ᠎ᠠ ᠮᠥᠴᠢᠷ ᠬᠠᠮᠵᠢᠯᠴᠠᠨ ᠭᠦᠢᠴᠡᠳᠬᠡᠬᠦ︾ ᠪᠣᠯᠭᠠᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠬᠢᠯᠪᠠᠷᠴᠢᠯᠠᠵᠤ᠂ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠲᠤᠶᠢᠯ ᠤᠨ ᠲᠥᠬᠦᠮ ᠪᠣᠯᠭᠠᠪᠠ᠃