ᠲᠢᠶᠠᠨ ᠵᠢᠶᠣᠣ ᠠᠭᠠᠷ ᠠᠶᠠᠯᠠᠯ ᠤᠨ ᠺᠣᠮᠫᠠᠨᠢ 2 ᠳ᠋ᠤᠭᠠᠷ ᠰᠠᠷ᠎ᠠ ᠶᠢᠨ 16 ᠤ ᠡᠳᠦᠷ ︽ᠠᠷᠪᠠᠨ ᠳᠥᠷᠪᠡᠳᠦᠭᠡᠷ ᠡᠪᠦᠯ︾ ᠤᠨ ᠪᠠᠲᠤᠯᠠᠭ᠎ᠠ ᠶᠢᠨ ᠠᠶᠠᠯᠠᠯ ᠤᠨ ᠱᠤᠭᠤᠮ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/2/18

2 ᠳ᠋ᠤᠭᠠᠷ ᠰᠠᠷ᠎ᠠ ᠶᠢᠨ 9 ᠤ ᠡᠳᠦᠷ᠂ ︽ᠠᠷᠪᠠᠨ ᠳᠥᠷᠪᠡᠳᠦᠭᠡᠷ ᠡᠪᠦᠯ︾ ᠤᠨ ᠪᠡᠯᠡᠳᠬᠡᠬᠦ ᠺᠣᠮᠢᠰ ᠠᠴᠠ ᠣᠶᠢᠯᠠᠭᠠᠭᠰᠠᠨ ᠢᠶᠠᠷ᠂ ᠬᠠᠶᠢᠯᠠᠷ ᠤᠷᠤᠯᠳᠤᠭᠠᠨ ᠤ ᠲᠣᠭᠤᠷᠢᠭ ᠪᠠ ᠵᠠᠯᠠᠨ ᠠᠶᠢᠯ ᠤᠷᠤᠯᠳᠤᠭᠠᠨ ᠤ ᠳᠣᠭᠤᠷᠢᠭ ᠬᠤᠭᠤᠷᠣᠨᠳᠣᠬᠢ ᠠᠭᠠᠷ ᠤᠨ ᠵᠠᠮ ᠢ ᠪᠠᠶᠢᠭᠤᠯᠬᠤ ᠶᠢᠨ ᠲᠥᠯᠥᠭᠡ᠂ ᠲᠢᠶᠠᠨ ᠵᠢᠶᠣᠣ ᠠᠭᠠᠷ ᠠᠶᠠᠯᠠᠯ ᠤᠨ ᠺᠣᠮᠫᠠᠨᠢ 2 ᠳ᠋ᠤᠭᠠᠷ ᠰᠠᠷ᠎ᠠ ᠶᠢᠨ 16 ᠤ ᠡᠳᠦᠷ ᠠᠴᠠ 27 ᠤ ᠡᠳᠦᠷ ᠤᠨ ᠬᠤᠭᠤᠷᠣᠨᠳᠤ ᠬᠠᠶᠢᠯᠠᠷ ⇌ ᠵᠠᠯᠠᠨ ᠠᠶᠢᠯ ⇌ ᠬᠥᠬᠡᠬᠤᠲᠠ ᠶᠢᠨ ︽ᠠᠷᠪᠠᠨ ᠳᠥᠷᠪᠡᠳᠦᠭᠡᠷ ᠡᠪᠦᠯ︾ ᠤᠨ ᠪᠠᠲᠤᠯᠠᠭ᠎ᠠ ᠶᠢᠨ ᠠᠶᠠᠯᠠᠯ ᠤᠨ ᠱᠤᠭᠤᠮ ᠢ ᠵᠢᠩᠬᠢᠨᠢ ᠪᠠᠷ ᠨᠠᠪᠲᠠᠷᠡᠭᠦᠯᠵᠦ᠂ ᠡᠳᠦᠷ ᠪᠦᠷᠢ ᠨᠢᠭᠡ ᠡᠭᠡᠯᠵᠢ ᠲᠣᠬᠢᠷᠠᠭᠤᠯᠤᠨ᠂ ᠤᠷᠤᠯᠳᠤᠭᠠᠨ ᠤ ᠬᠤᠭᠤᠴᠠᠭᠠᠨ ᠳᠤ ᠥᠷᠭᠡᠨ ᠣᠯᠠᠨ ᠲᠠᠮᠢᠷᠴᠢᠳ᠂ ᠬᠢᠨᠠᠭᠴᠢᠳ ᠵᠢᠴᠢ ᠦᠵᠡᠭᠴᠢᠳ ᠤᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠰᠣᠨᠢᠷᠬᠠᠬᠤ ᠳᠤ ᠳᠥᠭᠦᠮᠯᠡᠨ᠎ᠡ᠃

2 ᠳ᠋ᠤᠭᠠᠷ ᠰᠠᠷ᠎ᠠ ᠶᠢᠨ 17 ᠤ ᠡᠳᠦᠷ ᠠᠴᠠ 27 ᠤ ᠡᠳᠦᠷ ᠪᠣᠯᠲᠠᠯ᠎ᠠ᠂ ᠡᠭᠡᠯᠵᠢ ᠶᠢᠨ ᠨᠢᠰᠬᠡᠯ ᠡᠳᠦᠷ ᠪᠦᠷᠢ ᠶᠢᠨ 8᠄ 00 ᠲᠤ ᠬᠠᠶᠢᠯᠠᠷ ᠠᠴᠠ ᠨᠢᠰᠦᠨ᠂ 9᠄00 ᠲᠤ ᠵᠠᠯᠠᠨ ᠠᠶᠢᠯ ᠳᠤ ᠬᠦᠷᠴᠦ᠂ ᠵᠠᠯᠠᠨ ᠠᠶᠢᠯ ᠳᠤ 50 ᠮᠢᠨᠦ᠋ᠲ ᠬᠦᠯᠢᠶᠡᠭᠰᠡᠨ ᠤ ᠳᠠᠷᠠᠭ᠎ᠠ ᠬᠥᠬᠡᠬᠤᠲᠠ ᠵᠦᠭ ᠨᠢᠰᠦᠨ᠎ᠡ᠃ 2 ᠳ᠋ᠤᠭᠠᠷ ᠰᠠᠷ᠎ᠠ ᠶᠢᠨ 16 ᠤ ᠡᠳᠦᠷ ᠠᠴᠠ 26 ᠤ ᠡᠳᠦᠷ ᠪᠣᠯᠲᠠᠯ᠎ᠠ᠂ ᠡᠭᠡᠯᠵᠢ ᠶᠢᠨ ᠨᠢᠰᠬᠡᠯ ᠡᠳᠦᠷ ᠪᠦᠷᠢ ᠶᠢᠨ 15᠄ 00 ᠲᠤ ᠬᠥᠬᠡᠬᠤᠲᠠ ᠠᠴᠠ ᠨᠢᠰᠦᠨ᠂ 17᠄ 10 ᠲᠤ ᠵᠠᠯᠠᠨ ᠠᠶᠢᠯ ᠳᠤ ᠬᠦᠷᠴᠦ᠂ 18᠄ 00 ᠲᠤ ᠵᠠᠯᠠᠨ ᠠᠶᠢᠯ ᠠᠴᠠ ᠨᠢᠰᠴᠦ᠂ 19᠄ 00 ᠲᠤ ᠬᠠᠶᠢᠯᠠᠷ ᠲᠤ ᠬᠦᠷᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map