ᠣᠷᠳᠣᠰ ᠬᠤᠲᠠ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ ᠠᠷᠠᠳ ᠤᠨ ᠡᠵᠡᠩᠨᠡᠭᠰᠡᠨ ᠡᠮᠨᠡᠯᠭᠡ ᠶᠢᠨ ᠠᠵᠢᠯ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2024/2/23

ᠠᠷᠠᠳ ᠤᠨ ᠡᠵᠡᠩᠨᠡᠭᠰᠡᠨ ᠡᠮᠨᠡᠯᠭᠡ ᠶᠢᠨ ᠬᠠᠤᠯᠢ ᠶᠣᠰᠣ ᠪᠠᠷ ᠠᠵᠢᠯ ᠡᠷᠭᠢᠯᠡᠬᠦ᠂ ᠠᠮᠤᠷ ᠲᠦᠪᠰᠢᠨ ᠢᠶᠠᠷ ᠠᠵᠢᠯᠯᠠᠬᠤ ᠶᠢ ᠠᠬᠢᠭᠤᠯᠵᠤ᠂ ᠬᠥᠭᠵᠢᠯᠲᠡ ᠶᠢ ᠵᠢᠷᠤᠮᠵᠢᠭᠤᠯᠬᠤ ᠶᠢᠨ ᠲᠥᠯᠥᠭᠡ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ︽ᠭᠤᠣᠯᠳᠠᠯᠭ᠎ᠠ ᠶᠢ ᠳᠣᠪᠤᠶᠢᠯᠭᠠᠬᠤ᠂ ᠵᠠᠯᠬᠠᠭᠠᠵᠤ ᠰᠡᠷᠭᠡᠶᠢᠯᠡᠬᠦ ᠶᠢ ᠵᠡᠷᠭᠡ ᠪᠠᠷ ᠠᠳᠬᠤᠬᠤ︾ ᠠᠵᠢᠯ ᠤᠨ ᠰᠡᠳᠬᠢᠴᠡ ᠪᠠᠷ᠂ ︽ᠠᠷᠪᠠᠨ ᠵᠦᠢᠯ ᠤᠨ ᠲᠤᠰᠬᠠᠢ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ︾ ᠶᠢᠨ ᠲᠣᠭᠤᠷᠢᠨ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠭᠤᠯᠬᠤ ᠶᠢ ᠲᠣᠪᠤᠶᠢᠯᠭᠠᠨ᠂ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠵᠤ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠨ᠂ ᠬᠠᠷᠢᠶᠠᠲᠤ ᠣᠷᠣᠨ ᠤ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠬᠠᠤᠯᠢ ᠲᠣᠭᠲᠠᠭᠠᠯ ᠢ ᠵᠢᠷᠤᠮᠯᠠᠵᠤ᠂ ᠠᠮᠤᠷ ᠲᠦᠪᠰᠢᠨ ᠢᠶᠠᠷ ᠠᠵᠢᠯᠯᠠᠬᠤ ᠠᠵᠢᠯ ᠤᠨ ᠵᠠᠭᠪᠤᠷ ᠢ ᠪᠣᠶ ᠪᠣᠯᠭᠠᠪᠠ᠃

ᠣᠶᠢᠷ᠎ᠠ ᠳᠤ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠬᠠᠷᠢᠶᠠᠲᠤ ᠣᠷᠣᠨ ᠤ ᠪᠠᠨ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠠᠵᠢᠯ ᠡᠷᠭᠢᠯᠡᠬᠦ ᠠᠵᠢᠯᠯᠠᠭ᠎ᠠ ᠶᠢ ᠲᠤᠰᠬᠠᠢ ᠬᠢᠨᠠᠨ ᠪᠠᠶᠢᠴᠠᠭᠠᠪᠠ᠃ ᠣᠳᠣᠬᠠᠨ ᠳᠤ᠂ ᠨᠡᠶᠢᠲᠡ 573 ᠡᠮᠴᠢᠯᠡᠭᠡᠨ ᠤ ᠪᠠᠶᠢᠭᠤᠯᠤᠮᠵᠢ ︵ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ 24᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ 569︶ ᠶᠢ ᠪᠠᠶᠢᠴᠠᠭᠠᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠢ 720 ᠬᠥᠮᠥᠨ ᠤᠳᠠᠭ᠎ᠠ ᠬᠥᠳᠡᠯᠭᠡᠵᠦ᠂ ᠡᠪᠡᠳᠴᠢᠨ ᠤ ᠵᠢᠱᠢᠶ᠎ᠡ᠂ ᠵᠣᠷ ᠢ ᠲᠠᠰᠢᠷᠠᠮ ᠢᠶᠠᠷ 180 ᠬᠤᠪᠢ ᠰᠣᠩᠭᠤᠨ ᠠᠪᠴᠤ᠂ ᠬᠤᠳᠠᠯ ᠢᠶᠠᠷ ᠣᠨᠣᠰᠢᠯᠠᠬᠤ᠂ ᠮᠡᠬᠡᠯᠡᠬᠦ᠂ ᠡᠪᠡᠳᠴᠢᠲᠡᠨ ᠢ ᠠᠯᠪᠠᠳᠠᠵᠤ ᠡᠮᠴᠢᠯᠡᠭᠦᠯᠬᠦ ᠪᠠ ᠬᠤᠳᠠᠯᠳᠤᠨ ᠠᠪᠤᠭᠤᠯᠬᠤ ᠵᠡᠷᠭᠡ ᠠᠵᠢᠯᠯᠠᠭ᠎ᠠ ᠶᠢ ᠣᠯᠵᠤ ᠢᠯᠡᠷᠡᠭᠦᠯᠦᠭᠰᠡᠨ ᠦᠭᠡᠢ︔ 80 ᠭᠠᠷᠤᠢ ᠡᠮᠴᠢᠯᠡᠭᠡᠨ ᠤ ᠠᠵᠢᠯᠲᠠᠨ ᠢ ᠰᠣᠩᠭᠤᠨ ᠪᠠᠶᠢᠴᠠᠭᠠᠵᠤ᠂ ᠳᠠᠩᠰᠠᠯᠠᠭᠤᠯᠤᠭᠰᠠᠨ ᠦᠭᠡᠢ ᠪᠠᠷ ᠣᠨᠣᠰᠢᠯᠠᠨ ᠡᠮᠴᠢᠯᠡᠬᠦ ᠠᠵᠢᠯᠯᠠᠭ᠎ᠠ ᠥᠷᠨᠢᠭᠦᠯᠦᠭᠰᠡᠨ ᠵᠡᠷᠭᠡ ᠦᠶᠯᠡ ᠠᠵᠢᠯᠯᠠᠭ᠎ᠠ ᠶᠢ ᠣᠯᠵᠤ ᠢᠯᠡᠷᠡᠭᠦᠯᠦᠭᠰᠡᠨ ᠦᠭᠡᠢ︔ ᠣᠶᠣᠨ ᠤ ᠡᠮ ᠮᠢᠨᠴᠦᠭᠦᠷᠡᠭᠦᠯᠬᠦ ᠡᠮ ᠬᠡᠷᠡᠭᠯᠡᠳᠡᠭ 15 ᠡᠮᠴᠢᠯᠡᠭᠡᠨ ᠤ ᠪᠠᠶᠢᠭᠤᠯᠤᠮᠵᠢ ᠶᠢ ᠬᠢᠨᠠᠨ ᠪᠠᠶᠢᠴᠠᠭᠠᠵᠤ᠂ ᠡᠭᠦᠨ ᠳᠤ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ 5᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ 10 ᠪᠠᠶᠢᠵᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 108 ᠬᠥᠮᠥᠨ ᠤᠳᠠᠭ᠎ᠠ ᠬᠥᠳᠡᠯᠭᠡᠪᠡ᠃ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠪᠥᠬᠦᠨ ᠳᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠰᠠᠨ ᠰᠠᠨᠠᠯ ᠤᠨ ᠪᠢᠴᠢᠭ ᠪᠠᠭᠤᠯᠭᠠᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠭᠤᠯᠬᠤ ᠪᠠᠷ ᠵᠠᠷᠯᠢᠭᠳᠠᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map