ᠯᠢᠶᠠᠩᠴᠧᠩ ᠤᠨ ᠣᠷᠤᠯᠳᠤᠭᠠᠨ ᠤ ᠲᠣᠭᠤᠷᠢᠭ ᠲᠠᠬᠢ ᠰᠡᠭᠦᠯ ᠤᠨ 2 ᠠᠯᠲᠠᠨ ᠮᠧᠳᠠᠯ ᠲᠣᠳᠣᠷᠠᠪᠠ
ᠨᠡᠶᠢᠲᠡᠯᠡᠭᠰᠡᠨ ᠴᠠᠭ᠄
2024/2/27

      2 ᠰᠠᠷ᠎ᠠ ᠶᠢᠨ 26 ᠤ ᠡᠳᠦᠷ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠡᠭᠡᠷᠡᠯᠡᠨ ᠴᠠᠨᠠᠯᠠᠯᠲᠠ ᠶᠢᠨ ᠵᠠᠯᠠᠭᠤᠴᠤᠳ ᠤᠨ ᠳᠤᠭᠤᠶᠢᠯᠠᠩ ᠤᠨ ᠡᠮᠡᠭᠲᠡᠢ ᠶᠢᠨ 4 × 5 ᠺᠢᠯᠣᠮᠧᠲᠷ ᠤᠨ ᠪᠤᠤᠭᠢᠶ᠎ᠠ ᠤᠷᠤᠯᠳᠤᠭᠠᠨ ︵2 ᠤᠯᠠᠮᠵᠢᠯᠠᠯᠲᠤ ᠮᠡᠷᠭᠡᠵᠢᠯ + 2 ᠴᠢᠯᠦᠭᠡᠲᠦ ᠮᠡᠷᠭᠡᠵᠢᠯ︶᠂ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠶᠢᠨ 4 × 5 ᠺᠢᠯᠣᠮᠧᠲᠷ ᠤᠨ ᠪᠤᠤᠬᠢᠶ᠎ᠡ ᠤᠷᠤᠯᠳᠤᠭᠠᠨ ︵2 ᠤᠯᠠᠮᠵᠢᠯᠠᠯᠲᠤ ᠮᠡᠷᠭᠡᠵᠢᠯ + 2 ᠴᠢᠯᠦᠭᠡᠲᠦ ᠮᠡᠷᠭᠡᠵᠢᠯ︶ ᠤᠯᠠᠭᠠᠨᠴᠠᠪ ᠤᠨ ᠯᠢᠶᠠᠩᠴᠧᠩ ᠤᠨ ᠴᠠᠨᠠᠯᠠᠯᠲᠠ ᠶᠢᠨ ᠲᠠᠯᠠᠪᠠᠢ ᠳᠤ ᠶᠠᠪᠤᠭᠳᠠᠪᠠ᠃
      ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠨ᠂ ᠶᠠᠩ ᠹᠠᠨ᠂ ᠶᠢᠨ ᠷᠠᠨ᠂ ᠵᠧᠦ ᠵᠢᠩ ᠯᠢ᠂ ᠯᠢ ᠵᠢᠶᠧ ᠪᠠᠷ ᠪᠦᠷᠢᠯᠳᠦᠭᠰᠡᠨ ᠬᠠᠷᠠᠮᠦ᠋ᠷᠡᠨ ᠤ ᠠᠩᠭᠢ ᠵᠠᠯᠠᠭᠤᠴᠤᠳ ᠤᠨ ᠳᠤᠭᠤᠶᠢᠯᠠᠩ ᠤᠨ ᠡᠮᠡᠭᠲᠡᠢ ᠶᠢᠨ 4 × 5 ᠺᠢᠯᠣᠮᠧᠲᠷ ᠤᠨ ᠪᠤᠤᠭᠢᠶ᠎ᠠ ᠤᠷᠤᠯᠳᠤᠭᠠᠨ ︵2 ᠤᠯᠠᠮᠵᠢᠯᠠᠯᠲᠤ ᠮᠡᠷᠭᠡᠵᠢᠯ + 2 ᠴᠢᠯᠦᠭᠡᠲᠦ ᠮᠡᠷᠭᠡᠵᠢᠯ︶ ᠳᠤ ᠮᠠᠩᠯᠠᠶᠢᠯᠠᠵᠤ᠂ ᠭᠠᠨᠰᠦ ᠶᠢᠨ ᠠᠩᠭᠢ᠂ ᠲᠢᠶᠠᠨᠵᠢᠨ ᠤ ᠠᠩᠭᠢ ᠲᠤᠰ ᠲᠤᠰ ᠳᠡᠳ᠋᠂ ᠭᠤᠳᠠᠭᠠᠷ ᠲᠤ ᠲᠣᠳᠣᠷᠠᠵᠠᠢ ︔ ᠭᠦ᠋ ᠯᠦᠩ ᠽᠧ ᠷᠧᠨ᠂ ᠯᠢᠦ ᠵᠢᠩ ᠴᠣᠣ᠂ ᠵᠢᠶᠠᠩ ᠢ ᠰᠢᠨ᠂ ᠫᠠᠨ ᠮᠧᠩ ᠨᠠᠨ ᠢᠶᠠᠷ ᠪᠦᠷᠢᠯᠳᠦᠭᠰᠡᠨ ᠭᠢᠷᠢᠨ ᠤ ᠠᠩᠭᠢ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠶᠢᠨ 4 × 5 ᠺᠢᠯᠣᠮᠧᠲᠷ ᠤᠨ ᠪᠤᠤᠬᠢᠶ᠎ᠡ ᠤᠷᠤᠯᠳᠤᠭᠠᠨ ︵2 ᠤᠯᠠᠮᠵᠢᠯᠠᠯᠲᠤ ᠮᠡᠷᠭᠡᠵᠢᠯ + 2 ᠴᠢᠯᠦᠭᠡᠲᠦ ᠮᠡᠷᠭᠡᠵᠢᠯ︶ ᠳᠤ ᠲᠡᠷᠢᠭᠦᠯᠡᠵᠦ ᠂ ᠰᠢᠨᠵᠢᠶᠠᠩ ᠤᠨ ᠠᠩᠭᠢ᠂ ᠾᠧᠪᠧᠢ ᠶᠢᠨ ᠠᠩᠭᠢ ᠲᠤᠰ ᠲᠤᠰ ᠳᠡᠳ᠋᠂ ᠭᠤᠳᠠᠭᠠᠷ ᠲᠤ ᠲᠣᠳᠣᠷᠠᠵᠠᠢ᠃
      ᠲᠤᠰ ᠡᠳᠦᠷ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠯᠢᠶᠠᠩᠴᠧᠩ ᠳᠠᠬᠢ ᠡᠯ᠎ᠡ ᠲᠦᠷᠦᠯ ᠤᠨ ᠤᠷᠤᠯᠳᠤᠭᠠᠨ ᠪᠦᠬᠦᠨ ᠢᠶᠠᠷ ᠢᠶᠠᠨ ᠳᠠᠭᠤᠰᠴᠤ᠂ ᠬᠡᠭᠡᠷᠡᠯᠡᠨ ᠴᠠᠨᠠᠯᠠᠬᠤ᠂ ᠡᠪᠦᠯ ᠤᠨ ᠤᠯᠠᠷᠢᠯ ᠤᠨ ᠬᠤᠶᠠᠷ ᠲᠦᠷᠦᠯ᠂ ᠳᠠᠩ ᠬᠠᠪᠲᠠᠰᠤ ᠶᠢᠨ ᠴᠠᠨᠠᠯᠠᠯᠲᠠ ᠶᠢᠨ ᠰᠠᠭᠠᠳ ᠳᠠᠪᠠᠭ᠋ᠤ᠂ ᠴᠢᠯᠦᠭᠡᠲᠦ ᠮᠠᠶ᠋ᠢᠭ ᠤᠨ ᠴᠠᠨᠠᠯᠠᠯᠲᠠ ᠶᠢᠨ ᠰᠠᠭᠠᠳ ᠳᠠᠪᠠᠭ᠋ᠤ ᠵᠡᠷᠭᠡ 4 ᠲᠦᠷᠦᠯ ᠤᠨ ᠤᠷᠤᠯᠳᠤᠭᠠᠨ ᠳᠤ ᠨᠡᠶᠢᠲᠡ 38 ᠠᠯᠲᠠᠨ ᠮᠧᠳᠠᠯ ᠲᠣᠳᠣᠷᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map