2 ᠰᠠᠷ᠎ᠠ ᠶᠢᠨ 27 ᠤ ᠣᠷᠣᠢ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠤᠶᠢᠷ ᠲᠤ ᠥᠨᠳᠥᠷᠯᠡᠪᠡ ᠃ ᠤᠷᠤᠯᠳᠤᠭᠠᠨ ᠳᠤ ᠣᠷᠣᠯᠴᠠᠬᠰᠠᠨ ᠲᠠᠮᠢᠷᠴᠢᠨ ᠂ ᠳᠠᠰᠬᠠᠯᠵᠢᠭᠤᠯᠤᠭᠴᠢ ᠂ ᠠᠵᠢᠯᠲᠠᠨ ᠪᠣᠯᠣᠨ ᠵᠣᠴᠢᠨ ᠬᠥᠯᠥᠨ ᠪᠤᠶᠢᠷ ᠤᠨ ᠲᠣᠮᠣ ᠲᠢᠶᠠᠲᠷ ᠲᠤ ᠴᠤᠭᠯᠠᠷᠠᠵᠤ ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠣᠭᠰᠠᠨ ᠢ ᠪᠡᠯᠭᠡᠯᠡᠪᠡ ᠃
2 ᠰᠠᠷ᠎ᠠ ᠶᠢᠨ 27 ᠤ ᠣᠷᠣᠢ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠤᠶᠢᠷ ᠲᠤ ᠥᠨᠳᠥᠷᠯᠡᠪᠡ ᠃ ᠲᠤᠰ ᠰᠣᠨᠢᠨ ᠤ ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ
ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᡁᠢ ᠳ᠋ᠠᠨ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ ᠬᠡᠯᠡᠵᠡᠢ ᠃ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠮᠤᠵᠢ ᠶᠢᠨ ᠳᠠᠷᠤᠭ᠎ᠠ ᠯᠢ ᠯᠧ ᠴᠧᠩ ᠂ ᠮᠤᠵᠢ ᠶᠢᠨ ᠳᠡᠳ᠋ ᠳᠠᠷᠤᠭ᠎ᠠ ᠭᠦᠸᠧ ᠼᠠᠢ ᠶᠦᠨ ᠬᠤᠷᠠᠯ ᠳᠤ ᠣᠷᠣᠯᠴᠠᠪᠠ ᠃
20 ᠴᠠᠭ ᠠᠴᠠ ᠲᠡᠭᠦᠰᠬᠦ ᠶᠣᠰᠣᠯᠠᠯ ᠡᠬᠢᠯᠡᠵᠦ ᠂ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠡᠷᠭᠢᠯᠡᠪᠡ ᠃ ᠡᠯ᠎ᠡ ᠲᠥᠯᠥᠭᠡᠯᠡᠭᠴᠢᠳ ᠤᠨ ᠪᠦᠯᠭᠦᠮ ᠡᠮᠬᠢ ᠳᠠᠷᠠᠭ᠎ᠠ ᠲᠠᠢ ᠲᠠᠯᠠᠪᠠᠢ ᠳᠤ ᠣᠷᠣᠵᠤ ᠂ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ ᠃
ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠵᠧᠦ ᠶᠢᠨ ᠴᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠲᠥᠯᠥᠭᠡᠯᠡᠭᠴᠢᠳ ᠤᠨ ᠪᠦᠯᠭᠦᠮ ᠳᠤ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠪᠠ ᠤᠷᠤᠯᠳᠤᠭᠠᠨ ᠳᠤ ᠣᠷᠣᠯᠴᠠᠬᠰᠠᠨ ᠳᠤᠷᠠᠰᠬᠠᠯ ᠤᠨ ᠱᠠᠩᠨᠠᠯ ᠣᠯᠭᠤᠬᠤ ᠲᠤᠬᠠᠢ ᠲᠣᠭᠲᠠᠭᠠᠯ ᠢ ᠤᠩᠰᠢᠨ ᠨᠡᠶᠢᠲᠡᠯᠡᠪᠡ ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠷᠦᠢ ᠯᠢᠶᠠᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢ ᠲᠥᠯᠥᠭᠡᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠳᠤᠷᠠᠰᠬᠠᠯ ᠤᠨ ᠪᠣᠳᠠᠰ ᠪᠡᠯᠡᠭᠯᠡᠪᠡ ᠃
ᠸᠠᠩ ᠯᠢ ᠰᠢᠶᠠ ᠪᠠᠶᠠᠷ ᠤᠨ ᠦᠭᠡ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠨᠢᠮᠪᠠᠢ ᠵᠢᠯᠣᠭᠤᠳᠤᠯᠭ᠎ᠠ ᠳᠣᠣᠷ᠎ᠠ ᠂ ᠪᠦᠭᠦ ᠲᠠᠮᠢᠷᠴᠢᠨ ᠂ ᠳᠠᠰᠬᠠᠯᠵᠢᠭᠤᠯᠤᠭᠴᠢ ᠂ ᠬᠢᠨᠠᠭᠴᠢ ᠬᠠᠮᠲᠤ ᠪᠠᠷ ᠴᠢᠷᠮᠠᠶᠢᠵᠤ ᠂ ᠥᠷᠭᠡᠨ ᠣᠯᠠᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯᠲᠠᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠠᠤᠭ᠎ᠠ ᠦᠢᠯᠡᠰ ᠢ ᠬᠠᠮᠲᠤ ᠪᠠᠷ ᠪᠦᠲᠦᠭᠡᠵᠦ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠤ ᠂ ᠤᠳᠠᠯ ᠦᠭᠡᠢ ᠥᠨᠳᠥᠷᠯᠡᠬᠦ ᠪᠣᠯᠣᠯ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠣᠷᠣᠨ ᠤ ᠳᠣᠲᠣᠨ᠎ᠠ ᠭᠠᠳᠠᠨᠠᠬᠢ ᠡᠯ᠎ᠡ ᠤᠷᠤᠯᠳᠤᠭᠠᠨ ᠤ ᠲᠣᠭᠤᠷᠢᠭ ᠂ ᠪᠤᠢ ᠪᠦᠬᠦᠢ ᠣᠷᠣᠯᠴᠠᠭᠴᠢ ᠂ ᠬᠤᠪᠢ ᠨᠡᠮᠡᠷᠢ ᠦᠵᠡᠭᠦᠯᠦᠭᠰᠡᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ ︕ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠮᠢᠯᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨᠡᠬᠢ ᠨᠢᠭᠡ ᠤᠳᠠᠭ᠎ᠠ ᠶᠢᠨ ᠶᠡᠭᠡ ᠪᠣᠯᠪᠠᠰᠤᠷᠠᠯ ᠂ ᠶᠡᠭᠡ ᠰᠢᠯᠭᠠᠨ ᠪᠠᠶᠢᠴᠠᠭᠠᠯᠲᠠ ᠮᠥᠨ ᠂ ᠮᠥᠨ ᠴᠦ ᠮᠠᠨ ᠤ ᠤᠯᠤᠰ ᠤᠨ ᠮᠥᠰᠥ ᠴᠠᠰᠤᠨ ᠤ ᠦᠢᠯᠡᠰ ᠤᠨ ᠬᠥᠭᠵᠢᠯᠲᠡ ᠳᠤ ᠣᠯᠳᠠᠬᠤᠶ᠎ᠠ ᠪᠡᠷᠬᠡ ᠠᠵᠠ ᠲᠣᠭᠢᠶᠠᠯ ᠣᠯᠭᠤᠵᠠᠢ ᠃ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠂ ︽ ᠭᠤᠷᠪᠠᠨ ᠳ᠋ᠦᠩᠰᠢᠭᠤᠷ ᠬᠥᠮᠥᠨ ᠢ ᠲᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ︾ ᠴᠢᠬᠤᠯᠠ ᠱᠠᠭᠠᠷᠳᠠᠯᠭ᠎ᠠ ᠶᠢ ᠪᠠᠲᠤ ᠴᠡᠭᠡᠵᠢᠯᠡᠵᠦ ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠂ ᠮᠥᠰᠥ ᠴᠠᠰᠤᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ ︕ ᠭᠡᠪᠡ ᠃
ᠭᠤᠸ ᡁᠢ ᠳ᠋ᠠᠨ ᠪᠠᠶᠠᠷ ᠤᠨ ᠦᠭᠡ ᠬᠡᠯᠡᠬᠦ ᠳᠡᠭᠡᠨ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠪᠦᠭᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ ᠂ ᠲᠥᠭᠦᠮ ᠠᠪᠰᠠᠷᠬᠠᠨ ᠪᠥᠭᠡᠳ ᠠᠮᠤᠷ ᠲᠦᠪᠰᠢᠨ ᠂ ᠪᠣᠬᠢᠷᠳᠤᠯ ᠦᠭᠡᠢ ᠠᠷᠠᠳ ᠲᠤ ᠠᠰᠢᠭ ᠬᠦᠷᠲᠡᠭᠡᠭᠰᠡᠨ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠳᠡᠯᠭᠡᠨ ᠦᠵᠡᠭᠦᠯᠵᠡᠢ ᠂ ᠡᠨᠡ ᠨᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠪᠦᠷᠢᠨ ᠲᠡᠭᠦᠯᠳᠡᠷ ᠢᠯᠡᠷᠡᠯ ᠪᠤᠯᠬᠤ ᠪᠥᠭᠡᠳ ᠪᠠᠰᠠ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠠᠭᠤᠰᠤᠯᠴᠠᠯ ᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠮᠢᠳᠤᠯᠢᠭ ᠦᠢᠯᠡᠳᠦᠯᠭᠡ ᠮᠥᠨ ᠃ ᠲᠠᠮᠢᠷ ᠤᠨ ᠴᠤᠭᠯᠠᠭᠠᠨ ᠨᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠂ ᠦᠨᠳᠦᠰᠦᠲᠡᠨ ᠤ ᠪᠦᠯᠬᠦᠮᠳᠡᠯ ᠤᠨ ᠡᠶ᠎ᠡ ᠵᠣᠬᠢᠴᠠᠯ ᠂ ᠥᠨᠳᠥᠷ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠦ ᠲᠦᠪᠰᠢᠨ ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠲᠡᠭᠦᠯᠳᠡᠷᠵᠢᠯ ᠪᠠ ᠴᠢᠳᠠᠪᠤᠷᠢᠲᠠᠨ ᠤ ᠥᠨᠢᠷ ᠪᠠᠶᠠᠯᠢᠭ ᠪᠠᠶᠢᠬᠤ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠡᠦᠬᠡᠨ ᠳᠤ ᠥᠩᠭᠡ ᠢᠯᠭᠠᠷᠠᠮ᠎ᠠ ᠤᠯᠠ ᠮᠥᠷ ᠢ ᠦᠯᠡᠳᠡᠭᠡᠬᠦ ᠨᠢ ᠯᠠᠪᠲᠠᠢ ᠶᠤᠮ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠡᠷᠡᠮᠡᠬᠡᠶᠢᠯᠡᠨ ᠤᠷᠤᠭᠰᠢᠯᠠᠵᠤ ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠢᠯᠡᠳᠬᠡᠪᠡ ᠃
ᠳᠠᠷᠠᠭ᠎ᠠ ᠨᠢ ᠂ ᠭᠤᠤ ᡁᠢ ᠳ᠋ᠠᠨ ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰᠪᠡ ᠭᠡᠵᠦ ᠨᠡᠶᠢᠲᠡᠯᠡᠪᠡ ᠃ ᠴᠤᠭᠯᠠᠭᠠᠨ ᠤ ᠲᠤᠭ ᠢ ᠠᠯᠭᠤᠷᠬᠠᠨ ᠪᠠᠭᠤᠯᠭᠠᠵᠤ ᠂ 11 ᠡᠳᠦᠷ ᠳᠦᠷᠡᠯᠵᠡᠭᠰᠡᠨ ᠭᠤᠣᠯ ᠭᠠᠯ ᠪᠠᠮᠪᠠᠷ ᠠᠭᠠᠵᠢᠮ ᠢᠶᠠᠷ ᠤᠨᠲᠠᠷᠠᠪᠠ ᠃
ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 31 ᠮᠤᠵᠢ ᠣᠷᠣᠨ ᠬᠤᠲᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠂ ᠰᠢᠶᠠᠩᠭᠠᠩ ᠣᠣᠮᠧᠨ ᠣᠷᠣᠨ ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ 35 ᠲᠥᠯᠥᠭᠡᠯᠡᠭᠴᠢᠳ ᠤᠨ ᠪᠦᠯᠭᠦᠮ ᠤᠨ 3000 ᠭᠠᠷᠤᠢ ᠲᠠᠮᠢᠷᠴᠢᠨ ᠤᠷᠤᠯᠳᠤᠭᠠᠨ ᠤ ᠪᠡᠶ᠎ᠡ ᠶᠢᠨ ᠲᠠᠮᠢᠷ ᠪᠠ ᠪᠦᠯᠭᠦᠮ ᠤᠨ ᠲᠥᠷᠥᠯ ᠵᠦᠢᠯ ᠤᠨ ᠤᠷᠤᠯᠳᠤᠭᠠᠨ ᠳᠤ ᠣᠷᠣᠯᠴᠠᠪᠠ ᠃ ᠡᠯ᠎ᠡ ᠲᠥᠷᠥᠯ ᠵᠦᠢᠯ ᠤᠨ ᠮᠥᠰᠥ ᠴᠠᠰᠤᠨ ᠤ ᠲᠠᠮᠢᠷᠴᠢᠳ ᠡᠷᠡᠮᠡᠬᠡᠶᠢᠯᠡᠨ ᠲᠡᠮᠡᠴᠡᠵᠦ ᠂ ᠥᠷᠢᠰᠦᠯᠳᠦᠭᠡᠨ ᠵᠠᠷᠯᠠᠵᠤ ᠂ ᠲᠦᠷᠭᠡᠨ ᠲᠡᠰᠢᠯᠲᠡ ᠶᠢᠨ ᠲᠥᠷᠥᠯ ᠵᠦᠢᠯ ᠳᠤ 1 ᠬᠥᠮᠥᠨ 1 ᠤᠳᠠᠭ᠎ᠠ 1ᠲᠦᠷᠦᠯ ᠤᠨ ᠪᠦᠭᠦ ᠤᠯᠤᠰ ᠤᠨ ᠲᠡᠮᠳᠡᠭᠯᠡᠯ ᠢ ᠰᠢᠨᠡᠳᠬᠡᠵᠦ ᠂ 2 ᠠᠩᠭᠢ 2 ᠤᠳᠠᠭ᠎ᠠ 1 ᠲᠦᠷᠦᠯ ᠤᠨ ᠪᠦᠭᠦ ᠤᠯᠤᠰ ᠤᠨ ᠵᠠᠯᠠᠭᠤᠴᠤᠳ ᠤᠨ ᠲᠡᠮᠳᠡᠭᠯᠡᠯ ᠢ ᠰᠢᠨᠡᠳᠬᠡᠪᠡ ᠃
ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠭ ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠡᠭᠡᠷ᠎ᠡ ᠂ ᠸᠠᠩ ᠯᠢ ᠰᠢᠶᠠ ᠲᠠᠮᠢᠷ ᠤᠨ ᠴᠤᠭᠯᠠᠭᠠᠨ ᠤ ᠲᠤᠭ ᠢ ᠬᠤᠷᠤᠶᠢᠯᠠᠵᠤ ᠂ ᠲᠠᠷᠠᠭ᠎ᠠ ᠨᠢ ᠭᠤᠤ ᡁᠢ ᠳ᠋ᠠᠨ ᠳᠤ ᠭᠠᠷᠳᠠᠭᠤᠯᠵᠤ ᠂ ᠭᠤᠤ ᡁᠢ ᠳ᠋ᠠᠨ ᠲᠠᠮᠢᠷ ᠤᠨ ᠴᠤᠭᠯᠠᠭᠠᠨ ᠤ ᠲᠤᠭ ᠢ ᠯᠢ ᠯᠧ ᠴᠧᠩ ᠳᠤ ᠭᠠᠷᠳᠠᠭᠤᠯᠪᠠ ᠃ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2028 ᠣᠨ ᠳᠤ ᠯᠢᠶᠣᠤᠨᠢᠩ ᠮᠤᠵᠢ ᠳᠤ ᠶᠠᠪᠤᠭᠳᠠᠬᠤ ᠪᠣᠯᠣᠨ᠎ᠠ ᠃
ᠪᠠᠶᠠᠷ ᠪᠠᠶᠠᠰᠬᠤᠯᠠᠩᠲᠤ ᠬᠥᠭᠵᠢᠮ ᠤᠨ ᠳᠤᠮᠳᠠ ᠂ ᠤᠷᠠᠨ ᠰᠠᠶᠢᠬᠠᠨ ᠤ ᠲᠣᠬᠯᠠᠯᠲᠠ ᠡᠬᠢᠯᠡᠪᠡ ᠃ ᠠᠷᠪᠠᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠳᠠᠭᠠᠭᠠᠨ ᠡᠷᠭᠢᠯᠡᠭᠦ ᠭᠠᠵᠠᠷ ᠯᠢᠶᠣᠤᠨᠢᠩ ᠮᠤᠵᠢ ︽ ᠠᠭᠤᠯᠠ ᠤᠰᠤᠨ ᠤ ᠡᠪᠦᠯ ᠤᠨ ᠡᠭᠡᠰᠢᠭᠯᠢᠭ ︾ ᠢ ᠭᠤᠶᠢᠳᠠ ᠰᠠᠶᠢᠬᠠᠨ ᠲᠣᠭᠯᠠᠪᠠ ᠃ ᠲᠠᠷᠠᠭ᠎ᠠ ᠨᠢ ᠂ ︽ ᠪᠢ ᠲᠠᠯ᠎ᠠ ᠨᠤᠲᠤᠭ ᠲᠠᠢ ᠪᠣᠯᠵᠤᠭ᠎ᠠ ᠲᠠᠢ ︾ ᠭᠡᠬᠦ ᠭᠤᠣᠯ ᠰᠡᠳᠦᠪᠲᠦ ᠲᠣᠬᠯᠠᠯᠲᠠ ᠭᠤᠶᠢᠳᠠ ᠰᠠᠶᠢᠬᠠᠨ ᠶᠠᠪᠤᠭᠳᠠᠪᠠ ᠃ ᠪᠥᠵᠢᠭ ︽ ᠤᠢ ᠰᠢᠭᠤᠢ ᠶᠢ ᠮᠡᠳᠡᠭᠴᠢ ︾ ᠨᠢ ᠬᠥᠯᠥᠨ ᠪᠤᠶᠢᠷ ᠤᠨ ᠬᠥᠬᠡᠮᠳᠦᠭ ᠨᠣᠭᠤᠭᠠᠨ ᠠᠭᠤᠯᠠ ᠤᠰᠤ ᠪᠠ ᠠᠷᠠᠳ ᠤᠨ ᠵᠠᠩ ᠦᠢᠯᠡ ᠶᠢ ᠢᠯᠡᠷᠡᠭᠦᠯᠵᠦ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠲᠦᠷᠭᠡᠳᠬᠡᠨ ᠪᠦᠲᠦᠭᠡᠨ ᠪᠠᠶᠢᠭᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠢᠯᠡᠳᠬᠡᠪᠡ ᠃ ︽ ᠴᠢ ᠮᠢᠨᠢ ᠳᠡᠷᠭᠡᠳᠡ ᠪᠠᠶᠢᠭ᠎ᠠ ᠪᠣᠯᠬᠤᠷ ︾ ᠭᠡᠬᠦ ᠳᠠᠭᠤᠤ ᠪᠥᠵᠢᠭ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠥᠯᠥᠭᠡ ᠬᠠᠷᠠᠮ ᠦᠭᠡᠢ ᠵᠣᠷᠢᠭᠤᠯᠤᠭᠰᠠᠨ ᠪᠤᠢ ᠪᠦᠬᠦᠢ ᠬᠥᠮᠥᠰ ᠲᠤ ᠬᠦᠨᠳᠦᠳᠬᠡᠯ ᠳᠡᠪᠰᠢᠭᠦᠯᠪᠡ ᠃ ᠳᠠᠭᠤᠤ ︽ ᠰᠢᠨ᠎ᠡ ᠭᠠᠷᠤᠭ᠎ᠠ ︾ ᠨᠢ ᠮᠥᠰᠥ ᠴᠠᠰᠤᠨ ᠤ ᠲᠠᠮᠢᠷᠴᠢᠳ ᠤᠨ ᠰᠢᠨ᠎ᠡ ᠠᠶᠠᠨ ᠳᠠᠭᠠᠨ ᠮᠣᠷᠳᠠᠵᠤ ᠂ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠴᠢᠩ ᠰᠡᠳᠬᠢᠯ ᠤᠨ ᠵᠥᠩᠨᠡᠯ ᠳᠡᠪᠰᠢᠭᠦᠯᠪᠡ ᠃
ᠬᠠᠮᠤᠭ ᠤᠨ ᠰᠡᠭᠦᠯ ᠳᠤ ᠂ ︽ ᠲᠠᠯ᠎ᠠ ᠨᠤᠲᠤᠭ ᠲᠤ ᠵᠣᠭᠰᠣᠵᠤ ᠪᠡᠭᠡᠵᠢᠩ ᠢ ᠪᠠᠷᠠᠯᠠᠬᠤᠶ᠎ᠠ ︾ ᠭᠡᠬᠦ ᠬᠥᠮᠥᠨ ᠢ ᠰᠣᠬᠲᠣᠷᠠᠭᠤᠯᠤᠮᠠ ᠳᠠᠭᠤᠤ ᠶᠢᠨ ᠳᠤᠮᠳᠠ ᠣᠯᠠᠨ ᠢᠶᠠᠷ ᠢᠶᠠᠨ ᠰᠠᠯᠵᠤ ᠶᠠᠳᠠᠨ ᠂ ᠬᠠᠷᠢᠯᠴᠠᠨ ᠵᠥᠩᠨᠡᠯ ᠳᠡᠪᠰᠢᠭᠦᠯᠵᠦ ᠂ ᠳᠠᠷᠠᠭ᠎ᠠ ᠤᠳᠠᠭ᠎ᠠ ᠶᠢᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠳᠠᠭᠢᠨ ᠠᠭᠤᠯᠵᠠᠬᠤ ᠶᠢᠨ ᠢᠷᠦᠭᠡᠯ ᠲᠠᠯᠪᠢᠯ᠎ᠠ ᠃