ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/19


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 3 ᠰᠠᠷ᠎ᠠ ᠶᠢᠨ 15 ᠤ ᠡᠳᠦᠷ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ 2 ᠰᠠᠷ᠎ᠠ ᠶᠢᠨ 29 ᠤ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ ᠂ ︽ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠳᠬᠡᠨ ᠪᠠᠶᠢᠭᠤᠯᠬᠤ ᠠᠵᠢᠯᠯᠠᠭᠠᠨ ᠤ ᠲᠥᠰᠥᠯ ︾ ᠂ ︽ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ ︾ ᠶᠢ ᠬᠢᠨᠠᠨ ᠵᠥᠪᠯᠡᠵᠦ ᠪᠠᠲᠤᠯᠠᠨ ᠂ ᠠᠷᠪᠢᠴᠢ ᠭᠠᠮᠲᠠᠢ ᠠᠮᠢᠳᠤᠷᠠᠵᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠂ ︽ ᠨᠢᠭᠡ ᠪᠦᠰᠡ ᠨᠢᠭᠡ ᠵᠠᠮ ︾ ᠤᠨ ᠨᠠᠢᠮᠠᠨ ᠵᠦᠢᠯ ᠤᠨ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠵᠦᠢᠯ ᠢ ᠰᠤᠳᠤᠯᠪᠠ ᠃

      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠰᠠᠶᠢᠲᠤᠷ ᠲᠤᠭᠤᠰᠢᠯᠠᠭᠤᠯᠵᠤ ᠂ ᠠᠵᠢᠯ ᠢᠶᠠᠨ ᠱᠠᠯᠠᠪᠳᠠᠨ ᠪᠣᠳᠠᠲᠠᠢ ᠪᠠᠶᠢᠷᠢᠯᠠᠭᠤᠯᠵᠤ ᠂ ︽ ᠵᠢᠷᠭᠤᠭᠠᠨ ᠢᠨᠵᠧᠨᠧᠷᠢᠩ ︾ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ ︾ ᠂ ᠬᠠᠪᠤᠷ ᠤᠨ ᠲᠠᠷᠢᠶᠠᠯᠠᠭ᠎ᠠ ᠂ ᠠᠵᠤ ᠦᠢᠯᠡᠳᠪᠦᠷᠢ ᠶᠢᠨ ᠵᠢᠱᠢᠭᠰᠡᠨ ᠦᠢᠯᠡᠳᠪᠦᠷᠢᠯᠡᠯ ᠤᠨ ᠬᠡᠮᠵᠢᠶ᠎ᠡ ᠳᠤ ᠬᠦᠷᠬᠦ ᠵᠡᠷᠭᠡ ᠭᠤᠣᠯᠳᠠᠯᠭ᠎ᠠ ᠲᠠᠢ ᠠᠵᠢᠯ ᠢ ᠴᠠᠭ ᠢᠮᠠᠭᠲᠠ ᠰᠤᠯᠠᠷᠠᠭᠤᠯᠤᠯ ᠦᠭᠡᠢ ᠠᠬᠢᠭᠤᠯᠵᠤ ᠂ ᠨᠢᠭᠡᠳᠦᠭᠡᠷ ᠤᠯᠠᠷᠢᠯ ᠤᠨ ︽ ᠰᠠᠶᠢᠨ ᠡᠭᠢᠯᠡᠯᠲᠡ ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠪᠣᠯᠣᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠷᠭᠡᠳᠬᠡᠨ ᠠᠬᠢᠭᠤᠯᠵᠤ ᠂ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠦᠢᠯᠡᠰ ᠢ ᠪᠤᠵᠠᠭᠠᠶᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠬᠠᠷᠠᠯᠲᠠ ᠪᠠᠨ ᠴᠢᠩᠭ᠎ᠠ ᠠᠩᠬᠠᠷᠴᠤ ᠂ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠰᠢᠨᠵᠢᠯᠡᠬᠦ ᠤᠬᠠᠭᠠᠨ ᠤ ᠰᠤᠳᠤᠯᠭᠠᠨ ᠂ ᠪᠡᠶ᠎ᠡ ᠶᠢᠨ ᠲᠠᠮᠢᠷ ᠂ ᠡᠮᠴᠢᠯᠡᠭᠡ ᠂ ᠨᠠᠰᠤᠵᠢᠯ ᠤᠨ ᠠᠰᠠᠷᠠᠮᠵᠢ ᠂ ᠨᠠᠶᠢᠳᠠᠨ ᠬᠥᠮᠥᠵᠢᠭᠦᠯᠬᠦ ᠂ ᠮᠡᠳᠡᠭᠡ ᠵᠠᠩᠭᠢ ᠶᠢᠨ ᠮᠡᠷᠭᠡᠵᠢᠯ ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠭᠡᠯᠪᠡᠷᠢ ᠶᠢ ᠬᠥᠭᠵᠢᠭᠦᠯᠦᠨ ᠪᠤᠵᠠᠭᠠᠶᠢᠷᠠᠭᠤᠯᠵᠤ ᠂ ᠮᠥᠩᠭᠦᠨ ᠭᠦᠢᠯᠭᠡᠭᠡᠨ ᠤ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠡᠷᠦᠭᠡ ᠠᠮᠠ ᠶᠢᠨ ᠲᠠᠩᠰᠠ ᠲᠠᠢ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠢᠨ᠎ᠡ ᠬᠤᠲᠠ ᠶᠢᠨ ᠠᠷᠠᠳ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ ᠂ ᠬᠠᠮᠢᠶᠠᠷᠤᠯᠲᠠ ᠶᠢᠨ ᠠᠷᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠠᠳᠬᠤᠵᠤ ᠂ ᠰᠠᠭᠤᠷᠢ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ ᠂ ᠨᠡᠶᠢᠭᠡᠮ ᠤᠨ ᠪᠡᠯᠡ ᠣᠷᠣᠭᠤᠯᠤᠯᠲᠠ ᠶᠢ ᠬᠥᠰᠢᠵᠦ ᠬᠥᠳᠡᠯᠭᠡᠬᠦ ᠂ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠦᠷᠦᠭᠦᠯᠡᠨ ᠠᠷᠪᠢᠴᠢ ᠭᠠᠮᠲᠠᠢ ᠠᠮᠢᠳᠤᠷᠠᠵᠤ ᠂ ᠠᠷᠪᠢᠴᠢ ᠭᠠᠮᠲᠠᠢ ᠠᠮᠢᠳᠤᠷᠠᠯ ᠢ ᠨᠢᠭᠡ ᠵᠦᠢᠯ ᠤᠨ ᠳᠠᠳᠬᠠᠯ ᠂ ᠨᠢᠭᠡ ᠵᠦᠢᠯ ᠤᠨ ᠵᠢᠷᠤᠮᠵᠢᠯ ᠂ ᠨᠢᠭᠡ ᠵᠦᠢᠯ ᠤᠨ ᠪᠣᠯᠪᠠᠰᠤᠨ ᠪᠤᠯᠭᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ ᠃ ︽ ᠳᠥᠷᠪᠡᠨ ᠨᠢᠭᠡ ᠪᠦᠯᠦᠭ ︾ ᠵᠡᠷᠭᠡ ᠠᠷᠭ᠎ᠠ ᠬᠡᠮᠵᠢᠶ᠎ᠡ ᠶᠢ ᠶᠡᠭᠡ ᠪᠠᠷ ᠨᠠᠶᠢᠳᠠᠪᠤᠷᠢᠵᠢᠭᠤᠯᠤᠨ ᠤᠬᠠᠭᠤᠯᠵᠤ ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠦᠭᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ ᠂ ︽ ᠨᠢᠭᠡ ᠪᠦᠰᠡ ᠨᠢᠭᠡ ᠵᠠᠮ ︾ ᠤᠨ ᠨᠠᠢᠮᠠᠨ ᠵᠦᠢᠯ ᠤᠨ ᠠᠵᠢᠯᠯᠠᠭ᠎ᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ ᠂ ︽ ᠭᠠᠷ ᠲᠠᠮᠵᠢᠪᠠᠴᠤ ᠠᠰᠢᠭ ᠭᠦᠷᠳᠡᠭᠦ ᠦᠭᠡᠢ ︾ ᠵᠡᠷᠭᠡ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠬᠢᠴᠠ ᠶᠢ ᠲᠦᠷᠭᠡᠳᠬᠡᠵᠦ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠠᠶᠢᠲᠤᠷ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map