|
ᠰᠦᠨ ᠱᠤᠤ ᠴᠧᠩ ᠸᠠᠩ ᠯᠢ ᠰᠢᠶᠠ ᠮᠢᠩ ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠸᠧᠢ ᠲᠠᠢ ᠠᠭᠤᠯᠵᠠᠪᠠ |
|
|
ᠨᠡᠶᠢᠲᠡᠯᠡᠭᠰᠡᠨ ᠴᠠᠭ᠄
2024/3/22
|
|
3 ᠰᠠᠷ᠎ᠠ ᠶᠢᠨ 21 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨᠲ᠋ᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠮᠢᠩ ᠶᠠᠩ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠸᠧᠢ ᠲᠠᠢ ᠠᠭᠤᠯᠵᠠᠪᠠ ᠃
ᠰᠦᠨ ᠱᠤᠤ ᠴᠧᠩ ᠵᠠᠩ ᠴᠤᠸᠠᠨ ᠸᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠂ ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ ᠂ ᠡᠨᠡ ᠵᠢᠯ ᠪᠢᠳᠡ ︽ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠂ ︽ᠵᠢᠷᠭᠤᠭᠠᠨ ᠢᠨᠵᠧᠨᠧᠷᠢᠩ ︾ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ ᠃ ᠡᠭᠦᠨ ᠳᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠨᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ ᠴᠢᠳᠠᠬᠤ ᠪᠠᠷ ᠪᠠᠷᠠᠬᠤ ᠦᠭᠡᠢ ᠪᠠᠰᠠ ᠨᠡᠩ ᠣᠯᠠᠨ ᠡᠬᠢ ᠪᠠᠶᠠᠯᠢᠭ ᠪᠠ ᠬᠦᠴᠦᠨ ᠴᠢᠳᠠᠯ ᠢ ᠲᠠᠶᠢᠴᠢᠯᠠᠵᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠵᠤ ᠂ ᠨᠢᠭᠡ ᠯᠡ ᠳᠡᠭᠡᠷ᠎ᠡ ᠣᠯᠠᠨ ᠶᠠᠪᠤᠳᠠᠯ ᠢ ᠪᠦᠲᠦᠭᠡᠵᠦ ᠴᠢᠳᠠᠨ᠎ᠠ ᠃ ᠥᠪᠥᠷ ᠮᠣᠩᠭᠤᠯ ᠪᠣᠯᠣᠨ ᠮᠢᠩ ᠶᠠᠩ ᠪᠦᠯᠦᠭᠯᠡᠯ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠪᠠᠶᠢᠵᠤ ᠂ ᠬᠤᠶᠠᠷ ᠲᠠᠯ᠎ᠠ ᠶᠢᠨ ᠬᠥᠭᠵᠢᠯᠲᠡ ᠶᠢᠨ ᠬᠠᠷᠠᠯᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠨ᠎ᠠ ᠂ ᠮᠢᠩ ᠶᠠᠩ ᠪᠦᠯᠦᠭᠯᠡᠯ ᠤᠨ ᠬᠢᠨ ᠳᠠᠭᠠᠭᠤᠯᠤᠭᠴᠢ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠥᠪᠥᠷ ᠮᠣᠩᠭᠤᠯ ᠳᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠦᠯᠦᠭᠵᠢᠯ ᠢ ᠲᠦᠷᠭᠡᠳᠬᠡᠨ ᠴᠣᠭᠴᠠᠯᠠᠵᠤ ᠂ ᠨᠠᠩ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠬᠦᠰᠡᠵᠦ ᠪᠠᠶᠢᠨ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ ᠮᠣᠩᠭᠤᠯ ᠤᠨ ᠳᠤᠲᠠᠭᠤᠳᠠᠯ ᠮᠥᠨ ᠂ ︽ᠵᠢᠷᠭᠤᠭᠠᠨ ᠢᠨᠵᠧᠨᠧᠷᠢᠩ ︾ ᠤᠨ ᠳᠣᠲᠣᠷ᠎ᠠ ᠳᠠᠷᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠪᠤᠢ ᠂ ᠮᠢᠩ ᠶᠠᠩ ᠪᠦᠯᠦᠭᠯᠡᠯ ᠤᠨ ᠬᠢᠨ ᠳᠠᠪᠠᠭᠤᠯᠢᠭ ᠲᠠᠯ᠎ᠠ ᠪᠠᠨ ᠭᠦᠨᠵᠡᠭᠡᠢ ᠪᠠᠳᠠᠷᠠᠭᠤᠯᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠬᠤ ᠪᠠᠨ ᠴᠢᠩᠭᠠᠳᠬᠠᠵᠤ ᠂ ᠥᠪᠥᠷ ᠮᠣᠩᠭᠤᠯ ᠤᠨ ︽ᠪᠦᠰᠡᠯᠡᠯᠲᠡ ᠰᠢᠪᠲᠤᠯᠬᠤ ︾ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠃ ᠥᠪᠥᠷ ᠮᠣᠩᠭᠤᠯ ᠳᠤ ᠢᠷᠡᠵᠦ ᠬᠥᠭᠵᠢᠬᠦ ᠪᠠᠷ ᠪᠠᠶᠢᠭ᠎ᠠ ᠠᠵᠤ ᠠᠬᠤᠶᠢᠯᠠᠯ ᠳᠤ ᠪᠢᠳᠡ ᠯᠠᠪᠲᠠᠢ ᠨᠢᠭᠡ ᠯᠡ ᠠᠳᠠᠯᠢ ᠪᠠᠷ ᠬᠠᠨᠳᠤᠵᠤ ᠂ ᠦᠢᠯᠡᠴᠢᠯᠡᠭᠡ ᠪᠠᠲᠤᠯᠠᠭ᠎ᠠ ᠶᠢ ᠪᠦᠭᠦ ᠲᠠᠯ᠎ᠠ ᠪᠠᠷ ᠰᠠᠶᠢᠲᠤᠷ ᠬᠢᠨ᠎ᠡ ᠭᠡᠵᠡᠢ ᠃
ᠵᠠᠩ ᠴᠤᠸᠠᠨ ᠸᠧᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠤ ᠠᠬᠤᠶᠢᠯᠠᠯ ᠳᠠᠬᠢ ᠬᠠᠯᠠᠮᠵᠢᠯᠠᠯ ᠳᠡᠮᠵᠢᠯᠭᠡ ᠳᠤ ᠲᠠᠯᠠᠷᠬᠠᠭᠰᠠᠨ ᠪᠥᠭᠡᠳ ᠥᠪᠥᠷ ᠮᠣᠩᠭᠤᠯ ᠳᠠᠬᠢ ᠡᠵᠡᠩᠨᠡᠯᠲᠡ ᠶᠢᠨ ᠪᠠᠶᠢᠳᠠᠯ ᠪᠣᠯᠣᠨ ᠪᠡᠯᠡ ᠣᠷᠣᠭᠤᠯᠤᠯᠲᠠ ᠬᠥᠭᠵᠢᠯᠲᠡ ᠶᠢᠨ ᠲᠥᠯᠥᠪᠯᠡᠭᠡ ᠪᠠᠨ ᠲᠦᠭᠦᠮ ᠲᠠᠨᠢᠯᠴᠠᠭᠤᠯᠪᠠ ᠃ ᠲᠡᠷᠡ ᠂ ᠥᠪᠥᠷ ᠮᠣᠩᠭᠤᠯ ᠤᠨ ᠰᠢᠨ᠎ᠡ ᠡᠨᠧᠷᠭᠢ ᠶᠢ ᠶᠡᠭᠡ ᠪᠠᠷ ᠨᠡᠭᠡᠭᠡᠨ ᠬᠥᠭᠵᠢᠭᠦᠯᠬᠦ ᠨᠢ ᠮᠢᠩ ᠶᠠᠩ ᠪᠦᠯᠦᠭᠯᠡᠯ ᠳᠤ ᠠᠪᠴᠤ ᠬᠡᠯᠡᠪᠡᠯ ᠲᠡᠦᠬᠡᠲᠦ ᠴᠢᠨᠠᠷᠲᠠᠢ ᠠᠵᠠ ᠲᠣᠭᠢᠶᠠᠯ ᠪᠣᠯᠣᠨ᠎ᠠ ᠂ ᠪᠢᠳᠡ ᠲᠣᠰ ᠪᠡᠶ᠎ᠡ ᠶᠢᠨ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠮᠡᠷᠭᠡᠵᠢᠯ ᠪᠠ ᠲᠣᠨᠣᠭᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠮᠡᠷᠭᠡᠵᠢᠯ ᠤᠨ ᠳᠡᠭᠡᠳᠦ ᠲᠡᠰᠵᠢᠯᠲᠡ ᠂ ᠠᠵᠤ ᠦᠢᠯᠡᠰ ᠤᠨ ᠪᠦᠯᠦᠭᠵᠢᠯᠲᠡ ᠂ ᠬᠡᠷᠡᠭᠯᠡᠭᠡᠨ ᠤ ᠠᠬᠤᠢ ᠲᠠᠯᠠᠪᠠᠶᠢᠵᠢᠯᠲᠠ ᠶᠢᠨ ᠲᠣᠭᠤᠷᠢᠨ ᠳᠤ ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ︽ᠵᠢᠷᠭᠤᠭᠠᠨ ᠢᠨᠵᠧᠨᠧᠷᠢᠩ ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠪᠠ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢᠶᠠᠷ ᠵᠢᠱᠢᠶ᠎ᠡ ᠦᠵᠡᠭᠦᠯᠭᠦ ᠶᠢ ᠴᠢᠩᠭᠠᠳᠬᠠᠵᠤ ᠂ ᠲᠣᠰ ᠪᠡᠶ᠎ᠡ ᠪᠠᠨ ᠬᠥᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ ᠃ ᠳ᠋ᠢᠩ ᠰᠢᠤ ᠹᠧᠩ ᠣᠷᠣᠯᠴᠠᠵᠠᠢ ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|