ᠨᠢᠭᠡ᠂ ᠨᠣᠣᠷᠠᠭᠯᠠᠭᠰᠠᠨ ᠠᠬᠤᠢ ᠪᠠᠶᠢᠳᠠᠯ
ᠬᠡᠦᠬᠡᠳ ᠪᠣᠯ ᠭᠡᠷ ᠪᠦᠯᠢ ᠶᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ ᠤ ᠢᠷᠡᠭᠡᠳᠦᠢ ᠮᠥᠨ᠂ ᠬᠡᠦᠬᠡᠳ ᠤᠳ ᠬᠠᠤᠯᠢ ᠶᠣᠰᠣᠭᠠᠷ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠣᠯᠴᠠᠬᠤ ᠨᠢ ᠬᠡᠦᠬᠡᠳ ᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠲᠦᠭ ᠲᠦᠮᠡᠨ ᠭᠡᠷ ᠪᠦᠯᠢ ᠶᠢᠨ ᠵᠣᠯ ᠵᠢᠷᠭᠠᠯᠲᠤ ᠠᠮᠢᠳᠤᠷᠠᠯ ᠤᠨ ᠴᠢᠬᠤᠯᠠ ᠪᠠᠲᠤᠯᠠᠭ᠎ᠠ ᠶᠤᠮ᠃ ᠮᠠᠨ ᠤ ᠤᠯᠤᠰ ᠤᠨ ᠬᠤᠲᠠ ᠬᠥᠳᠡᠭᠡᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠭᠠᠰᠢ᠂ ᠳᠠᠭᠠᠳᠬᠠᠯ ᠳᠤ ᠣᠷᠣᠯᠴᠠᠭᠰᠠᠨ ᠬᠡᠦᠬᠡᠳ ᠤᠨ ᠲᠤᠭ᠎ᠠ ᠲᠣᠭᠲᠠᠭᠤᠨ ᠤ ᠳᠤᠮᠳᠠ ᠨᠡᠮᠡᠭᠳᠡᠵᠦ᠂ 2023 ᠣᠨ ᠳᠤ ᠳᠠᠭᠠᠳᠬᠠᠯ ᠳᠤ ᠣᠷᠣᠯᠴᠠᠭᠰᠠᠨ ᠬᠡᠦᠬᠡᠳ 2.56 ᠳ᠋ᠦᠩᠰᠢᠭᠤᠷ ᠪᠣᠯᠵᠠᠢ᠃ ᠳᠠᠭᠠᠳᠬᠠᠯ ᠳᠤ ᠣᠷᠣᠯᠴᠠᠭᠰᠠᠨ ᠬᠡᠦᠬᠡᠳ ᠤᠨ ᠲᠤᠭ᠎ᠠ ᠲᠣᠭᠲᠠᠭᠤᠨ ᠢᠶᠠᠷ ᠨᠡᠮᠡᠭᠳᠡᠭᠰᠡᠨ ᠨᠢ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠬᠤ ᠳᠤ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ ᠪᠠᠶᠢᠨ᠎ᠠ᠃ ᠭᠡᠪᠡᠴᠦ ᠡᠭᠦᠨ ᠤ ᠬᠠᠮᠲᠤ ᠪᠠᠰᠠ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠳᠤ ᠭᠠᠷ ᠭᠦᠢᠴᠡᠳᠬᠡᠯ ᠣᠯᠠᠨ᠂ ᠶᠠᠪᠤᠴᠠ ᠤᠷᠲᠤ᠂ ᠴᠥᠭᠡᠨ ᠲᠣᠭᠠᠨ ᠤ ᠭᠡᠷ ᠤᠨ ᠠᠬᠠᠮᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠳᠣᠷᠣᠢ᠂ ᠣᠨᠴᠠ ᠵᠠᠷᠢᠮ ᠬᠤᠲᠠ ᠪᠠᠶᠢᠩᠭᠤ ᠰᠠᠭᠤᠭ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠬᠠᠷᠠᠬᠠᠨ ᠪᠦᠷᠢᠮᠦᠰᠦᠨ ᠴᠢᠯᠦᠭᠡᠲᠡᠢ ᠪᠣᠯᠭᠠᠭᠠᠳᠤᠢ ᠵᠡᠷᠭᠡ ᠠᠰᠠᠭᠤᠳᠠᠯ ᠤᠳ ᠣᠷᠣᠰᠢᠵᠤ ᠪᠠᠶᠢᠭ᠎ᠠ ᠪᠣᠯᠬᠤᠷ ᠬᠠᠮᠲᠤ ᠶᠢᠨ ᠲᠠᠨᠢᠯᠲᠠ ᠪᠠᠨ ᠴᠢᠨᠠᠭᠰᠢᠳᠠ ᠤᠯᠠᠮ ᠨᠢᠭᠲᠠᠷᠠᠭᠤᠯᠵᠤ᠂ ᠰᠠᠯᠠᠭ᠎ᠠ ᠮᠥᠴᠢᠷ ᠤᠳ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠲᠦᠪᠰᠢᠨ ᠢ ᠴᠢᠨᠠᠭᠰᠢᠳᠠ ᠤᠯᠠᠮ ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠᠲᠠᠢ ᠪᠠᠶᠢᠨ᠎ᠠ᠃ ᠬᠡᠦᠬᠡᠳ ᠤᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠪᠢᠳᠡ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭᠠᠨ ᠤ ᠠᠯᠪᠠᠨ ᠲᠢᠩᠬᠢᠮ ᠲᠠᠢ ᠬᠠᠮᠲᠤᠷᠠᠨ ︽ᠬᠡᠦᠬᠡᠳ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ ︶ ᠢ ᠰᠤᠳᠤᠯᠤᠨ ᠲᠤᠭᠤᠷᠪᠢᠵᠠᠢ᠃
ᠬᠤᠶᠠᠷ ᠂ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ
︽ᠮᠡᠳᠡᠭᠳᠡᠯ︾ ᠳᠤ ᠳᠠᠷᠠᠭᠠᠬᠢ ᠰᠡᠳᠬᠢᠮᠵᠢ ᠶᠢ ᠵᠢᠷᠤᠮᠯᠠᠪᠠ ᠄ ᠨᠢᠭᠡ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ ᠃ ︽︿14·5﹀ ᠶᠢᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠯᠡᠭᠡ︾ ᠳᠤ ᠳᠤᠷᠠᠳᠤᠭᠰᠠᠨ ᠵᠢᠯ ᠪᠦᠷᠢ 95% ᠠᠴᠠ ᠳᠡᠭᠡᠭᠰᠢᠬᠢ ᠶᠢ ᠳᠠᠭᠠᠳᠬᠠᠯ ᠳᠤ ᠣᠷᠣᠭᠤᠯᠬᠤ ᠨᠣᠷᠮ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠣᠳᠣᠯᠬᠢᠯᠠᠵᠤ᠂ 2024 ᠣᠨ ᠤ ᠡᠴᠦᠰ ᠪᠣᠯᠲᠠᠯ᠎ᠠ᠂ 80% ᠠᠴᠠ ᠳᠡᠭᠡᠭᠰᠢᠬᠢ ᠨᠢᠷᠠᠢ ᠬᠡᠦᠬᠡᠳ ᠤᠳ ᠢ ᠲᠥᠷᠥᠭᠰᠡᠨ ᠵᠢᠯ ᠳᠤ ᠨᠢ ᠳᠠᠭᠠᠳᠬᠠᠯ ᠳᠤ ᠣᠷᠣᠭᠤᠯᠬᠤ ᠪᠠᠷ ᠴᠢᠷᠮᠠᠶᠢᠨ᠎ᠠ ᠭᠡᠵᠦ ᠲᠣᠳᠣᠷᠬᠠᠢ ᠳᠤᠷᠠᠳᠪᠠ ᠃ ︽14·5︾ ᠶᠢᠨ ᠬᠤᠭᠤᠴᠠᠭᠠᠨ ᠤ ᠡᠴᠦᠰ ᠪᠣᠯᠬᠤ ᠳᠤ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠦᠨ᠎ᠡ ᠃ ᠬᠤᠶᠠᠷ ᠲᠤ ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ ᠃ ᠬᠡᠦᠬᠡᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠬᠠᠷᠢᠴᠠᠩᠭᠤᠢ ᠪᠠᠷ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠤᠷᠢᠲᠠᠯ ᠳᠤ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠤᠪᠤᠷᠠᠯ ᠢ ᠭᠤᠣᠯᠳᠠᠯᠭ᠎ᠠ ᠲᠠᠢ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢᠨ ᠭᠤᠭᠴᠤᠭ᠎ᠠ ᠶᠢ ᠴᠣᠮᠬᠠᠯᠠᠨ᠂ ᠦᠢᠯᠡᠴᠢᠯᠡᠭᠡ ᠪᠠᠨ ᠰᠠᠶᠢᠵᠢᠷᠠᠭᠤᠯᠵᠤ᠂ ᠴᠢᠭᠯᠡᠯᠲᠡ ᠴᠢᠨᠠᠷᠲᠠᠢ ᠪᠠᠷ ᠠᠵᠢᠯ ᠤᠨ ᠱᠠᠭᠠᠷᠳᠠᠯᠭ᠎ᠠ ᠳᠤᠷᠠᠳᠤᠨ᠎ᠠ᠃ ᠭᠤᠷᠪᠠ ᠳᠤ ᠲᠥᠪ ᠶᠣᠰᠣ ᠶᠢ ᠵᠢᠷᠤᠮᠯᠠᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ︽ᠮᠡᠳᠡᠭᠳᠡᠯ︾ ᠨᠢ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠭᠠᠷᠲᠠᠨ ᠭᠦᠢᠴᠡᠳᠬᠡᠬᠦ ᠳᠦᠷᠢᠮ︾ ᠢ ᠴᠢᠨᠠᠭᠰᠢᠳᠠ ᠤᠯᠠᠮ ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠣᠷᠣᠨ ᠨᠤᠲᠤᠭ ᠤᠨ ᠬᠠᠶᠢᠨ ᠰᠦᠪᠡᠭᠴᠢᠯᠡᠯᠲᠡ ᠪᠠ ᠰᠢᠨᠡᠴᠢᠯᠡᠯᠲᠡ ᠶᠢ ᠵᠣᠷᠢᠭᠵᠢᠭᠤᠯᠤᠨ᠎ᠠ᠃
︽ᠮᠡᠳᠡᠭᠳᠡᠯ︾ ᠨᠢ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠬᠦ᠂ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠣᠪᠤᠷᠠᠯ ᠢ ᠰᠢᠯᠢᠳᠡᠭᠵᠢᠭᠦᠯᠬᠦ᠂ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠬᠦ᠂ ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠬᠤ᠂ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠤᠰᠬᠠᠢ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠪᠡ᠃ ᠨᠢᠭᠡ ᠳᠤ ᠬᠡᠦᠬᠡᠳ ᠢ ᠳᠠᠭᠠᠳᠬᠠᠯ ᠳᠤ ᠣᠷᠣᠭᠤᠯᠬᠤ ᠳᠠᠶᠢᠴᠢᠯᠠᠯᠲᠠ ᠶᠢ ᠡᠷᠴᠢᠮᠵᠢᠭᠦᠯᠦᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠪᠠᠨ ᠦᠨᠡᠨ ᠬᠦ ᠡᠷᠴᠢᠮᠵᠢᠭᠦᠯᠦᠨ᠎ᠡ᠃ ᠬᠤᠶᠠᠷ ᠲᠤ ᠨᠢᠷᠠᠢ ᠬᠡᠦᠬᠡᠳ ᠤᠨ ᠳᠠᠭᠠᠳᠬᠠᠯ ᠳᠤ ᠣᠷᠣᠯᠴᠠᠬᠤ ᠴᠣᠪᠤᠷᠠᠯ ᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠢ ᠱᠠᠭᠠᠷᠳᠠᠨ ︽ᠲᠥᠷᠥᠭᠰᠡᠨ ᠤ ᠳᠠᠷᠠᠭᠠᠬᠢ ᠠᠵᠢᠯ ᠶᠠᠪᠤᠳᠠᠯ ᠤᠳ ᠢ ᠨᠢᠭᠡ ᠯᠠ ᠠᠵᠢᠯ ᠶᠠᠪᠤᠳᠠᠯ ᠪᠣᠯᠭᠠᠨ︾ ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ᠂ ᠣᠷᠣᠨ ᠨᠤᠲᠤᠭ ᠤᠨ ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠨᠢᠷᠠᠢ ᠬᠡᠦᠬᠡᠳ ᠢ ᠳᠠᠭᠠᠳᠬᠠᠯ ᠳᠤ ᠣᠷᠣᠭᠤᠯᠬᠤ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠭᠤᠷᠪᠠ ᠳᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠬᠠᠮᠵᠢᠯᠴᠠᠭᠤᠯᠤᠨ ᠰᠢᠯᠢᠳᠡᠭᠵᠢᠭᠦᠯᠦᠨ᠎ᠡ᠃ ᠭᠠᠳᠠᠷ ᠣᠷᠣᠨ ᠤ ᠡᠷᠦᠬᠡ ᠠᠮᠠ ᠲᠠᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ᠂ ᠰᠤᠷᠭᠠᠭᠤᠯᠢ ᠶᠢᠨ ᠬᠠᠷᠢᠶ᠎ᠠ ᠲᠠᠢ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠤᠨ᠎ᠠ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠤᠷᠮᠠᠰᠢᠭᠤᠯᠵᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ ᠤᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠶᠢᠨ ᠬᠥᠭᠵᠢᠯᠲᠡ ᠶᠢ ᠳᠡᠮᠵᠢᠵᠦ᠂ ᠬᠡᠦᠬᠡᠳ ᠤᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠨ᠂ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠳᠥᠷᠪᠡ ᠳᠤ ᠰᠠᠯᠠᠭ᠎ᠠ ᠮᠥᠴᠢᠷ ᠤᠳ ᠤᠨ ᠳ᠋ᠠᠶᠢᠲ᠋ᠠ ᠬᠤᠪᠢᠶᠠᠯᠴᠠᠬᠤ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠳ ᠡᠯᠪᠡᠨ ᠬᠠᠮᠵᠢᠯᠴᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠶ ᠡᠵᠡᠮᠰᠢᠵᠦ᠂ ᠳᠠᠭᠠᠳᠬᠠᠭᠤᠯᠬᠤ ᠶᠣᠰᠣᠲᠠᠢ ᠶᠢ ᠨᠢ ᠴᠥᠮ ᠳᠠᠭᠠᠳᠬᠠᠭᠤᠯᠬᠤ ᠬᠡᠷᠡᠭᠲᠡᠢ᠃ ᠲᠠᠪᠤ ᠳᠤ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠣᠷᠣᠨ ᠤ ᠪᠠᠨ ᠬᠡᠦᠬᠡᠳ ᠢ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠢ ᠲᠣᠬᠢᠷᠠᠭᠤᠯᠬᠤ ᠪᠠ ᠰᠢᠮᠳᠠᠭᠤᠯᠬᠤ ᠶᠢ ᠰᠠᠶᠢᠲᠤᠷ ᠬᠢᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃
ᠭᠤᠷᠪᠠ᠂ ᠲᠠᠷᠠᠭᠠᠴᠢ ᠶᠢᠨ ᠠᠵᠢᠯ
ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤ ᠪᠠᠷ ᠡᠯ᠎ᠡ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠢᠯᠣᠭᠤᠳᠤᠨ ᠰᠢᠮᠳᠠᠭᠤᠯᠵᠤ ᠪᠠᠶᠢᠭᠠᠳ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠬᠡᠦᠬᠡᠳ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠬᠡᠦᠬᠡᠳ ᠤᠨ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠵᠤ᠂ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃