ᠸᠠᠩ ᠯᠢ ᠰᠢᠶᠠ ᠪᠠᠶᠠᠨᠨᠠᠭᠤᠷ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/11


4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ᠂ ᠸᠠᠩ ᠯᠢ ᠰᠢᠶᠠ ᠪᠠᠶᠠᠨᠨᠠᠭᠤᠷ ᠬᠤᠳᠠ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠢᠴᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠺᠠᠳ᠋ᠷ ᠴᠠᠭᠳᠠᠭ᠎ᠠ ᠶᠢ ᠡᠷᠭᠢᠨ ᠦᠵᠡᠵᠦ ᠲᠣᠬᠤᠨᠢᠭᠤᠯᠪᠠ᠃

ᠭᠦᠷᠦᠭᠰᠡᠨ ᠭᠠᠵᠠᠷ ᠪᠣᠯᠭᠠᠨ ᠳᠤ᠂ ᠸᠠᠩ ᠯᠢ ᠰᠢᠶᠠ ᠤᠯᠠᠨ ᠲᠠᠢ ᠬᠠᠮᠲᠤ ᠶᠡᠷᠦᠩᠬᠡᠢ ᠱᠦᠵᠢ ᠰᠢ ᠶᠢᠨ ᠫᠢᠩ ᠤᠨ ᠨᠢᠳᠤᠨᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠭᠢᠨ ᠡᠷᠭᠢᠴᠡᠭᠦᠯᠵᠦ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃


1.jpg


ᠤᠷᠠᠳ ᠤᠨ ᠳᠤᠮᠳᠠᠳᠤ ᠬᠤᠰᠢᠭᠤᠨ ᠤ ᠳᠡᠯ ᠠᠭᠤᠯᠠ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠲᠤ ᠶᠠᠭ ᠭᠠᠵᠠᠷ ᠲᠡᠭᠰᠢᠯᠡᠵᠦ ᠪᠠᠶᠢᠪᠠ᠂ ᠸᠠᠩ ᠯᠢ ᠰᠢᠶᠠ ᠲᠠᠷᠢᠶᠠᠨ ᠭᠠᠵᠠᠷ ᠲᠤ ᠭᠦᠨᠵᠡᠭᠡᠶᠢᠷᠡᠨ ᠪᠡᠯᠡ ᠣᠷᠣᠭᠤᠯᠬᠤ ᠪᠦᠲᠦᠭᠡᠨ ᠪᠠᠶᠢᠭᠤᠯᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠠᠭᠪᠤᠷ ᠢ ᠣᠶᠢᠯᠠᠭᠠᠵᠤ᠂ ᠲᠠᠷᠢᠶᠠᠯᠠᠩ ᠤᠨ ᠮᠠᠰᠢᠨ ᠪᠠᠭᠠᠵᠢ ᠪᠣᠯᠣᠨ ᠦᠷ᠎ᠡ ᠶᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠨᠥᠬᠦᠳ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠢᠨᠵᠧᠨᠧᠷᠢᠩ ᠪᠤᠯᠬᠤ ᠪᠠᠷ ᠪᠠᠷᠠᠬᠤ ᠦᠭᠡᠢ ᠨᠠᠩ ᠴᠤ ᠠᠵᠤ ᠦᠢᠯᠡᠰᠵᠢᠯᠲᠡ ᠶᠢᠨ ᠰᠠᠭᠤᠷᠢ ᠪᠣᠯᠣᠨ᠎ᠠ᠂ ᠪᠦᠬᠦᠯᠢ ᠣᠷᠣᠨ ᠪᠦᠰᠡ ᠪᠠᠷ ᠲᠤᠷᠰᠢᠯᠲᠠ ᠶᠢᠨ ᠴᠡᠭ ᠪᠤᠯᠭᠠᠬᠤ ᠠᠵᠠ ᠲᠣᠭᠢᠶᠠᠯ ᠢ ᠡᠵᠡᠮᠳᠡᠵᠦ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠪᠦᠭᠦ ᠦᠵᠡᠮᠵᠢ ᠶᠢᠨ ᠵᠢᠷᠤᠭ ᠢ ᠭᠠᠷᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠴᠢᠭᠯᠡᠭᠦᠯᠦᠯᠲᠦ ᠴᠢᠨᠠᠷᠲᠠᠢ ᠪᠠᠷ ᠰᠠᠶᠢᠲᠤᠷ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ︽ᠭᠦᠢᠯᠭᠡᠭᠡᠬᠦ — ᠲᠠᠷᠢᠬᠤ — ᠡᠳ᠋ᠰᠢᠭᠦᠯᠬᠦ — ᠦᠢᠯᠡᠴᠢᠯᠡᠬᠦ — ᠡᠵᠡᠩᠨᠡᠨ ᠪᠣᠷᠣᠯᠠᠭᠤᠯᠬᠤ ︾ ᠪᠦᠭᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠭᠡᠯᠪᠡᠷᠢ ᠳᠤ ᠨᠢᠭᠡ ᠤᠳᠠᠭᠠᠨ ᠤ ᠶᠡᠭᠡ ᠬᠤᠪᠢᠰᠤᠯᠲᠠ ᠭᠠᠷᠭᠠᠬᠤ ᠬᠡᠷᠡᠭᠲᠡᠢ ᠭᠡᠵᠦ ᠵᠠᠬᠢᠪᠠ᠃

ᠸᠠᠩ ᠯᠢ ᠰᠢᠶᠠ ᠨᠣᠣᠯᠣᠭᠤᠷ ᠤᠨ ᠴᠠᠭᠠᠨ ᠢᠮᠠᠭᠠᠨ ᠤ ᠠᠵᠤ ᠦᠢᠯᠡᠰ ᠤᠨ ᠬᠦᠷᠢᠶᠡᠯᠡᠩ᠂ ᠣᠨᠳᠣᠣ ᠭᠠᠵᠠᠷ ᠲᠤ ᠬᠠᠰᠢᠶᠠᠯᠠᠨ ᠲᠡᠵᠢᠭᠡᠵᠦ ᠦᠷᠡᠵᠢᠭᠦᠯᠬᠦ ᠬᠦᠷᠢᠶᠡᠯᠡᠩ᠂ ᠲᠠᠷᠢᠶᠠᠯᠠᠩ ᠤᠨ ᠦᠵᠡᠰᠭᠦᠯᠡᠩ ᠤᠨ ᠬᠦᠷᠢᠶᠡᠯᠡᠩ ᠪᠣᠯᠣᠨ ᠮᠢᠬᠠᠨ ᠤ ᠦᠬᠡᠷ ᠤᠨ ᠵᠢᠱᠢᠶ᠎ᠡ ᠦᠵᠡᠭᠦᠯᠭᠦ ᠬᠦᠷᠢᠶᠡᠯᠡᠩ ᠳᠤ ᠬᠦᠷᠴᠦ᠂ ᠠᠵᠤ ᠠᠬᠤᠶᠢᠯᠠᠯ ᠤᠨ ᠮᠠᠯᠴᠢᠨ ᠲᠠᠷᠢᠶᠠᠴᠢᠨ ᠡᠷᠦᠭᠡ ᠶᠢ ᠬᠤᠯᠪᠣᠵᠤ ᠮᠠᠯᠴᠢᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠨᠠᠷᠢᠨ ᠣᠶᠢᠯᠠᠭᠠᠵᠤ᠂ ᠳᠠᠷᠢᠵᠥ ᠲᠡᠵᠢᠭᠡᠨ ᠦᠷᠡᠵᠢᠭᠦᠯᠬᠦ ᠡᠷᠦᠭᠡ ᠲᠠᠢ ᠥᠪᠡᠷ ᠤᠨ ᠥᠷᠲᠡᠭ ᠢ ᠨᠢ ᠪᠤᠳᠤᠵᠤ᠂ ᠠᠰᠢᠭ ᠣᠷᠣᠯᠭ᠎ᠠ ᠶᠢ ᠪᠤᠳᠤᠵᠤ᠂ ᠮᠠᠯᠴᠢᠨ ᠲᠠᠷᠢᠶᠠᠴᠢᠨ ᠡᠷᠦᠭᠡ᠂ ᠠᠵᠤ ᠠᠬᠤᠶᠢᠯᠠᠯᠲᠠᠨ ᠪᠣᠯᠣᠨ ᠦᠨᠳᠦᠰᠦᠨ ᠱᠠᠲᠤᠨ ᠤ ᠨᠥᠬᠦᠳ ᠲᠠᠢ ᠬᠠᠮᠲᠤ ᠰᠠᠭᠤᠯᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠠᠰᠠᠭᠤᠳᠠᠯ ᠢ ᠶᠠᠷᠢᠯᠴᠠᠪᠠ᠃ ᠲᠡᠷᠡ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ᠂ ᠬᠠᠷᠠᠯᠲᠠᠲᠤ ᠵᠠᠬ᠎ᠠ ᠳᠡᠯᠭᠡᠭᠦᠷ ᠢ ᠠᠩᠬᠠᠷᠴᠤ᠂ ᠳᠠᠷᠢᠵᠤ ᠲᠡᠵᠢᠭᠡᠬᠦ ᠠᠴᠠ ᠬᠤᠭᠤᠯᠠᠨ ᠰᠢᠷᠡᠭᠡ ᠬᠦᠷᠲᠡᠯᠡᠬᠢ ᠪᠦᠭᠦ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠤᠨ ᠲᠡᠭᠦᠯᠳᠡᠷᠵᠢᠭᠦᠯᠵᠦ᠂ ᠭᠠᠷᠤᠯᠲᠠ ᠲᠠᠢ ᠪᠤᠯᠪᠠᠴᠤ ᠠᠵᠤ ᠦᠢᠯᠡᠰ ᠦᠯᠦ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠂ ᠵᠥᠪᠭᠡᠨ ᠲᠦᠭᠦᠬᠡᠢ ᠮᠠᠲ᠋ᠧᠷᠢᠶᠠᠯ ᠭᠠᠷᠭᠠᠬᠤ ᠭᠠᠵᠠᠷ ᠪᠤᠯᠭᠠᠵᠤ ᠪᠤᠯᠬᠤ ᠦᠭᠡᠢ ᠭᠡᠪᠡ᠃


2.jpg


ᠪᠤᠶᠠᠨᠲᠤ ᠳᠠᠬᠢ ᠬᠢᠯᠢ ᠶᠢᠨ ᠲᠣᠮᠢᠯᠠᠭᠰᠠᠨ ᠰᠠᠯᠪᠤᠷᠢ ᠳᠤ᠂ ᠸᠠᠩ ᠯᠢ ᠰᠢᠶᠠ ᠭᠠᠷ ᠤᠲᠠᠰᠤ ᠪᠠᠷ ᠢᠶᠠᠨ ᠰᠦᠯᠵᠢᠶᠡᠨ ᠤ ᠳᠣᠬᠢᠶ᠎ᠠ ᠶᠢ ᠰᠢᠯᠭᠠᠨ ᠦᠵᠡᠵᠦ᠂ ᠤᠰᠤ ᠴᠠᠭᠢᠯᠭᠠᠨ ᠵᠢᠴᠢ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠯᠠᠪᠯᠠᠨ ᠠᠰᠠᠭᠤᠵᠤ᠂ ᠺᠠᠳ᠋ᠷ ᠴᠠᠭᠳᠠᠭ᠎ᠠ ᠶᠢᠨ ᠠᠮᠢᠳᠤᠷᠠᠯ ᠢ ᠰᠠᠶᠢᠲᠤᠷ ᠪᠠᠲᠤᠯᠠᠵᠤ᠂ ᠬᠦᠴᠢᠷᠳᠡᠯ ᠪᠠᠶᠢᠪᠠᠯ ᠵᠠᠰᠠᠭ ᠤᠨ ᠣᠷᠳᠣᠨ ᠬᠠᠪᠰᠤᠷᠤᠨ ᠰᠢᠢᠳᠪᠦᠷᠢᠯᠡᠵᠦ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠬᠦ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ ᠭᠡᠵᠦ ᠵᠠᠬᠢᠪᠠ᠃


3.jpg


ᠲᠡᠷᠡ ᠪᠠᠷᠠᠭᠤᠨ ᠪᠤᠯᠤᠩ ᠤᠨ ᠣᠶ ᠰᠢᠭᠤᠢ ᠶᠢᠨ ᠲᠠᠯᠠᠪᠠᠶ ᠳᠤ ᠭᠦᠨᠵᠡᠭᠡᠶᠢᠷᠡᠨ᠂ 13 ᠵᠦᠢᠯ ᠤᠨ ᠡᠯᠡᠰᠦ ᠶᠢ ᠲᠣᠭᠲᠠᠪᠤᠷᠢᠵᠢᠭᠤᠯᠬᠤ ᠵᠠᠭᠪᠤᠷ ᠪᠣᠯᠣᠨ ᠭᠤᠤ ᠲᠠᠲᠠᠬᠤ᠂ ᠨᠥᠬᠦᠵᠦ ᠳᠠᠷᠢᠬᠤ᠂ ᠤᠰᠤᠯᠠᠬᠤ ᠵᠡᠷᠭᠡ ᠠᠵᠢᠯ ᠤᠨ ᠶᠠᠪᠤᠴᠠ ᠶᠢ ᠨᠠᠷᠢᠨ ᠣᠶᠢᠯᠠᠭᠠᠵᠤ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠮᠣᠳᠣ ᠳᠠᠷᠢᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠤᠷᠳᠤ ᠬᠤᠭᠤᠴᠠᠭ᠎ᠠ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠨᠠᠩ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map