2024 ᠣᠨ ᠤ 3 ᠳ᠋ᠤᠭᠠᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠨᠡᠶᠢᠲᠡ 4 ᠪᠦᠯᠦᠭ 72 ᠵᠦᠢᠯ ᠬᠤᠪᠢᠶᠠᠵᠤ᠂ ᠭᠤᠣᠯᠳᠠᠭᠤ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠲᠠᠯ᠎ᠠ ᠪᠠᠷ ᠲᠣᠳᠣᠷᠬᠠᠶᠢᠯᠠᠨ ᠦᠭᠦᠯᠡᠪᠡ᠃ ᠡᠨᠡ ᠨᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ︽ᠶᠠᠭᠤ ᠬᠢᠬᠦ᠂ ᠶᠠᠭᠠᠬᠢᠵᠤ ᠬᠢᠬᠦ︾ ᠲᠤᠬᠠᠢ ᠰᠢᠰᠲ᠋ᠧᠮ ᠲᠠᠢ ᠲᠦᠯᠦᠪᠯᠡᠭᠡ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠪᠣᠯᠣᠨ᠎ᠠ᠂ ᠡᠳᠦᠭᠡ ᠨᠡᠶᠢᠲᠡᠯᠡᠭᠰᠡᠨ ᠠᠬᠤᠢ ᠪᠠᠶᠢᠳᠠᠯ ᠪᠠ ᠠᠭᠤᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠪᠡ᠄
ᠨᠢᠭᠡ᠂ ︽ᠬᠡᠷᠡᠭᠵᠢᠭᠦᠯᠬᠦ ᠲᠥᠰᠥᠯ︾ ᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ︖
2022 ᠣᠨ ᠤ 6 ᠳ᠋ᠤᠭᠠᠷ ᠰᠠᠷ᠎ᠠ ᠶᠢᠨ 6 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ 〔2022〕 14 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠠᠢ᠃ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿14·5﹀ ᠶᠢᠨ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠦᠯᠦᠪᠯᠡᠭᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ︵2021 — 2023 ᠣᠨ︶︾ ᠵᠡᠷᠭᠡ ᠪᠢᠴᠢᠭ ᠮᠠᠲ᠋ᠧᠷᠢᠶᠠᠯ ᠤᠳ ᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃
ᠬᠤᠶᠠᠷ᠂ ︽ᠬᠡᠷᠡᠭᠵᠢᠭᠦᠯᠬᠦ ᠲᠥᠰᠥᠯ︾ ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ ᠨᠢ ᠶᠠᠭᠤ ᠪᠤᠢ︖
︽ᠬᠡᠷᠡᠭᠵᠢᠭᠦᠯᠬᠦ ᠲᠥᠰᠥᠯ︾ ᠢ ᠨᠡᠶᠢᠲᠡ 4 ᠬᠡᠰᠡᠭ ᠬᠤᠪᠢᠶᠠᠵᠤ᠂ ᠲᠣᠰ ᠲᠣᠰ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠤᠯᠤᠰ ᠤᠨ ᠵᠢᠯᠤᠭᠤᠳᠬᠤ ᠰᠠᠨᠠᠯ ᠤᠨ ᠶᠣᠰᠣᠭᠠᠷ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠨᠡᠶᠢᠴᠡᠭᠰᠡᠨ 72 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠳᠤᠷᠠᠳᠬᠤ ᠶᠢᠨ ᠬᠠᠮᠲᠤ ᠵᠣᠬᠢᠴᠠᠭᠰᠠᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠦᠰᠦᠨᠦᠭᠲᠦ ᠶᠢ ᠲᠣᠭᠲᠠᠭᠠᠵᠤ᠂ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃
ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ᠃ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ᠂ 2025 ᠣᠨ ᠪᠠ 2035 ᠣᠨ ᠪᠣᠯᠳᠠᠯᠠᠬᠢ ᠶᠡᠷᠦᠩᠬᠡᠢ ᠬᠠᠷᠠᠯᠲᠠ ᠶᠢ ᠳᠤᠷᠠᠳᠪᠠ᠃
ᠬᠤᠶᠠᠳᠤᠭᠠᠷ ᠬᠡᠰᠡᠭ ᠭᠤᠣᠯ ᠡᠭᠦᠷᠭᠡ᠃ ᠵᠠᠰᠠᠭ ᠤᠨ ᠣᠷᠳᠣᠨ ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠬᠦ᠂ ᠳ᠋ᠠᠶᠢᠲ᠋ᠠ ᠶᠢᠨ ᠡᠬᠢ ᠪᠠᠶᠠᠯᠢᠭ ᠢ ᠬᠤᠪᠢᠶᠠᠯᠴᠠᠨ ᠨᠡᠭᠡᠭᠡᠯᠲᠡ ᠲᠠᠢ ᠪᠣᠯᠭᠠᠬᠤ ᠶᠢ ᠠᠬᠢᠭᠤᠯᠬᠤ᠂ ᠲᠠᠪᠴᠠᠩ ᠤᠨ ᠲᠤᠰᠠᠯᠠᠮᠵᠢ ᠶᠢᠨ ᠴᠢᠳᠠᠪᠤᠷᠢ ᠶᠢ ᠴᠢᠩᠭᠠᠳᠬᠠᠬᠤ᠂ ᠳ᠋ᠢᠵᠢᠲ᠋ᠠᠯ ᠵᠠᠰᠠᠭ ᠤᠨ ᠣᠷᠳᠣᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠶᠢᠨ ᠡᠭᠦᠷᠭᠡ ᠶᠢ ᠲᠣᠳᠣᠷᠬᠠᠶᠢᠯᠠᠪᠠ᠃
ᠭᠤᠷᠪᠠᠳᠤᠭᠠᠷ ᠬᠡᠰᠡᠭ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ᠃ ᠳ᠋ᠢᠵᠢᠲ᠋ᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ᠂ ᠰᠠᠶᠢᠨ ᠰᠠᠶᠢᠬᠠᠨ ᠳ᠋ᠢᠵᠢᠲ᠋ᠠᠯ ᠠᠮᠢ ᠠᠬᠤᠢ ᠶᠢ ᠪᠤᠢ ᠪᠣᠯᠭᠠᠬᠤ ᠭᠤᠷᠪᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠪᠠ᠃
ᠳᠥᠷᠪᠡᠳᠦᠭᠡᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ᠂ ᠠᠬᠢᠭᠤᠯᠬᠤ ᠲᠣᠭᠲᠠᠴᠠ ᠶᠢ ᠪᠦᠷᠢᠨᠰᠢᠭᠦᠯᠬᠦ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠬᠢᠨᠠᠨ ᠰᠢᠯᠭᠠᠯᠲᠠ ᠦᠨᠡᠨᠯᠡᠨ ᠵᠢᠱᠢᠯᠲᠡ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠶᠢᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ᠃
ᠭᠤᠷᠪᠠ᠂ ︽ᠬᠡᠷᠡᠭᠵᠢᠭᠦᠯᠬᠦ ᠲᠥᠰᠥᠯ︾ ᠤᠨ ᠭᠤᠣᠯ ᠡᠭᠦᠷᠭᠡ ᠨᠢ ᠶᠠᠭᠤ ᠪᠤᠢ︖
︵ᠨᠢᠭᠡ︶ ᠵᠠᠰᠠᠭ ᠤᠨ ᠣᠷᠳᠣᠨ ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠠᠵᠤ ᠠᠬᠤᠢ ᠶᠢᠨ ᠲᠣᠬᠢᠷᠠᠭᠤᠯᠬᠤ ᠴᠢᠳᠠᠪᠤᠷᠢ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠴᠢᠳᠠᠪᠤᠷᠢ᠂ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠳᠠᠪᠤᠷᠢ᠂ ᠵᠠᠰᠠᠭ ᠤᠨ ᠶᠠᠪᠤᠳᠠᠯ ᠤᠨ ᠠᠵᠢᠯᠯᠠᠭᠠᠨ ᠤ ᠬᠦᠴᠦᠨ ᠴᠢᠳᠠᠪᠤᠷᠢ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ 26 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃
︵ᠬᠤᠶᠠᠷ︶ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠦᠨ᠎ᠡ᠃ ᠳᠦᠷᠢᠮ ᠢ ᠤᠷᠢᠳ ᠢᠶᠠᠷ ᠬᠡᠷᠡᠭᠵᠢᠭᠦᠯᠬᠦ ᠵᠠᠷᠴᠢᠮ ᠢᠶᠠᠷ᠂ ᠳ᠋ᠢᠵᠢᠲ᠋ᠠᠯᠴᠢᠯᠠᠭᠰᠠᠨ ᠥᠭᠡᠷᠡᠴᠢᠯᠡᠯᠲᠡ ᠪᠠᠷ ᠳᠦᠷᠢᠮ ᠤᠨ ᠰᠢᠨᠡᠴᠢᠯᠡᠯᠲᠡ ᠶᠢ ᠠᠬᠢᠭᠤᠯᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠪᠠ ᠠᠵᠢᠯᠯᠠᠭᠠᠨ ᠤ ᠪᠦᠬᠦᠯᠢ ᠴᠣᠭᠴᠠ ᠪᠠᠷ ᠬᠠᠮᠵᠢᠯᠴᠠᠭᠰᠠᠨ᠂ ᠤᠶᠤᠨᠲᠦ ᠥᠨᠳᠥᠷ ᠪᠦᠲᠦᠮᠵᠢᠲᠡᠢ᠂ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠬᠤᠪᠢᠰᠤᠯᠲᠠ ᠪᠣᠯᠣᠨ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠤ᠂ 5 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠵᠠᠢ᠃
︵ᠭᠤᠷᠪᠠ︶ ᠳ᠋ᠠᠶᠢᠲ᠋ᠠ ᠶᠢᠨ ᠡᠬᠢ ᠪᠠᠶᠠᠯᠢᠭ ᠢ ᠬᠤᠪᠢᠶᠠᠯᠴᠠᠨ ᠨᠡᠭᠡᠭᠡᠯᠲᠡ ᠲᠠᠢ ᠪᠣᠯᠭᠠᠬᠤ ᠶᠢ ᠠᠬᠢᠭᠤᠯᠤᠨ᠎ᠠ᠃ ᠳ᠋ᠠᠶᠢᠲ᠋ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠠᠭᠤᠷᠢ ᠲᠤᠰᠠᠯᠠᠮᠵᠢ ᠶᠢᠨ ᠴᠢᠳᠠᠪᠤᠷᠢ ᠶᠢ ᠴᠢᠩᠭᠠᠳᠬᠠᠬᠤ᠂ ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠲᠣᠳᠣᠷᠬᠠᠢ ᠬᠠᠭᠤᠳᠠᠰᠤᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠳ᠋ᠠᠶᠢᠲ᠋ᠠ ᠬᠤᠪᠢᠶᠠᠯᠴᠠᠬᠤ ᠲᠦᠪᠰᠢᠨ ᠢ ᠳᠡᠭᠡᠭᠰᠢᠯᠡᠭᠦᠯᠬᠦ᠂ ᠤᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠵᠡᠷᠭᠡ ᠲᠠᠯ᠎ᠠ ᠪᠠᠷ 7 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠵᠠᠢ᠃
︵ᠳᠥᠷᠪᠡ︶ ᠲᠠᠪᠴᠠᠩ ᠤᠨ ᠲᠤᠰᠠᠯᠠᠮᠵᠢ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠲᠣᠭᠲᠠᠯᠴᠠᠭ᠎ᠠ ᠶᠢ ᠪᠠᠶᠢᠭᠤᠯᠬᠤ᠂ ᠡᠷᠴᠢᠮᠵᠢᠭᠦᠯᠦᠭᠰᠡᠨ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ ᠡᠷᠴᠢᠮᠵᠢᠭᠦᠯᠦᠭᠰᠡᠨ ᠨᠠᠶᠢᠳᠠᠪᠤᠷᠢᠲᠠᠢ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠪᠠᠶᠢᠭᠤᠯᠬᠤ᠂ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠤᠰᠬᠠᠢ ᠰᠦᠯᠵᠢᠶ᠎ᠡ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶᠢᠲᠡᠴᠢ ᠴᠢᠨᠠᠷᠲᠠᠢ ᠬᠡᠷᠡᠭᠯᠡᠭᠡᠨ ᠤ ᠡᠷᠴᠢᠮᠵᠢᠭᠦᠯᠦᠭᠰᠡᠨ ᠪᠠᠶᠢᠭᠤᠯᠤᠯᠲᠠ ᠶᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶᠢᠲᠡᠴᠢ ᠴᠢᠨᠠᠷᠲᠠᠢ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ 6 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃
︵ᠲᠠᠪᠤ︶ ᠳ᠋ᠢᠵᠢᠲ᠋ᠠᠯ ᠵᠠᠰᠠᠭ ᠤᠨ ᠣᠷᠳᠣᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠬᠦ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠤᠯᠤᠰ ᠤᠨ ᠨᠢᠭᠤᠴᠠ ᠳᠤ ᠬᠤᠯᠪᠣᠭᠳᠠᠬᠤ ᠰᠢᠰᠲ᠋ᠧᠮ ᠤᠨ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠬᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠬᠤ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠬᠤ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠬᠠᠮᠠᠭᠠᠯᠠᠯᠲᠠ ᠶᠢ ᠴᠢᠩᠭᠠᠳᠬᠠᠬᠤ᠂ ᠠᠮᠤᠷ ᠲᠦᠪᠰᠢᠨ ᠤ ᠦᠨᠡᠯᠡᠨ ᠵᠢᠱᠢᠯᠲᠡ ᠶᠢ ᠴᠢᠩᠭᠠᠳᠬᠠᠬᠤ ᠵᠡᠷᠭᠡ ᠲᠠᠯ᠎ᠠ ᠪᠠᠷ 9 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃
ᠳᠥᠷᠪᠡ᠂ ︽ᠬᠡᠷᠡᠭᠵᠢᠭᠦᠯᠬᠦ ᠲᠥᠰᠥᠯ︾ ᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠬᠡᠷᠬᠢᠨ ᠪᠠᠲᠤᠯᠠᠬᠤ ᠪᠣᠶ︖
︽ᠬᠡᠷᠡᠭᠵᠢᠭᠦᠯᠬᠦ ᠲᠥᠰᠥᠯ︾ ᠨᠢ ᠨᠠᠮ ᠤᠨ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠶᠢᠨ ᠲᠣᠭᠤᠷᠢᠨ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ᠂ ᠤᠳᠤᠷᠢᠳᠬᠤ ᠲᠣᠭᠲᠠᠴᠠ ᠶᠢ ᠪᠦᠷᠢᠨᠰᠢᠭᠦᠯᠬᠦ᠂ ᠠᠬᠢᠭᠤᠯᠬᠤ ᠲᠣᠭᠲᠠᠴᠠ ᠶᠢ ᠪᠠᠶᠢᠭᠤᠯᠬᠤ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠪᠠ ᠤᠷ᠎ᠠ ᠮᠡᠷᠭᠡᠰᠢᠯ ᠤᠨ ᠬᠥᠮᠦᠵᠢᠯ ᠢ ᠴᠢᠩᠭᠠᠳᠬᠠᠬᠤ᠂ ᠺᠠᠳ᠋ᠷ ᠤᠨ ᠪᠣᠯᠪᠠᠰᠤᠷᠠᠯ ᠢ ᠴᠢᠩᠭᠠᠳᠬᠠᠬᠤ᠂ ᠣᠨᠣᠯ ᠤᠨ ᠰᠤᠳᠤᠯᠭᠠᠨ ᠢ ᠴᠢᠩᠭᠠᠳᠬᠠᠬᠤ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠬᠤ᠂ ᠦᠨᠡᠯᠡᠨ ᠵᠢᠱᠢᠬᠦ ᠲᠣᠭᠲᠠᠯᠴᠠᠭ᠎ᠠ ᠶᠢ ᠪᠦᠷᠢᠯᠳᠦᠭᠦᠯᠬᠦ 9 ᠵᠦᠢᠯ ᠤᠨ ᠠᠷᠭ᠎ᠠ ᠪᠠᠷᠢᠯ ᠢ ᠳᠤᠷᠠᠳᠤᠨ ᠭᠠᠷᠭᠠᠵᠤ᠂ ᠡᠯ᠎ᠡ ᠵᠦᠢᠯ ᠤᠨ ᠡᠭᠦᠷᠭᠡ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠪᠠ᠃