ᠲᠦᠷᠪᠡᠨ ᠰᠠᠷ᠎ᠠ ᠶᠢᠨ ᠤᠮᠠᠷᠠᠲᠤ ᠬᠢᠯᠢ ᠶᠢᠨ ᠡᠬᠡ ᠭᠠᠵᠠᠷ ᠲᠤ ᠬᠠᠪᠤᠷ ᠤᠨ ᠤᠷᠢ ᠰᠠᠭᠠᠲᠠᠵᠤ᠂ ᠮᠣᠳᠣ ᠲᠠᠷᠢᠬᠤ ᠰᠠᠶᠢᠬᠠᠨ ᠴᠠᠭ ᠪᠣᠯᠣᠯ᠎ᠠ᠃ 4 ᠰᠠᠷ᠎ᠠ ᠶᠢᠨ 20 ᠤ ᠡᠳᠦᠷ᠂ ᠰᠦᠨ ᠱᠣᠸ ᠴᠧᠩ᠂ ᠸᠠᠩ ᠯᠢ ᠰᠢᠶᠠ᠂ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠠᠷᠮᠢ ᠶᠢᠨ ᠲᠠᠰ ᠤᠨ ᠤᠳᠤᠷᠢᠳᠬᠤ ᠨᠥᠬᠦᠳ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠢ ᠱᠠ ᠴᠡᠴᠡᠷᠯᠢᠭ ᠲᠤ ᠬᠦᠷᠴᠦ᠂ ᠣᠷᠣᠨ ᠤ ᠲᠥᠪ ᠤᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃
ᠲᠡᠭᠷᠢ ᠴᠡᠯᠮᠡᠶᠢᠨ ᠨᠠᠷᠠ ᠲᠤᠨᠤᠷᠠᠵᠤ᠂ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠥᠮᠥᠰ ᠶᠠᠭᠠᠷᠠᠯᠲᠠᠢ ᠬᠥᠳᠡᠯᠮᠦᠷᠢᠯᠡᠵᠦ ᠭᠦᠷ ᠬᠥᠭᠵᠢᠶᠡᠨ ᠢᠶᠠᠷ ᠪᠢᠯᠬᠠᠨ᠎ᠠ᠃ ᠰᠦᠨ ᠱᠤᠤ ᠴᠧᠩ ᠨᠠᠷ ᠲᠡᠷᠭᠡᠨ ᠠᠴᠠ ᠪᠠᠨ ᠪᠠᠭᠤᠮᠠᠭᠴᠠ ᠬᠦᠷᠵᠡ ᠠᠳᠬᠤᠨ᠂ ᠺᠠᠳ᠋ᠷ ᠤᠯᠠᠨ ᠲᠦᠮᠡᠨ ᠲᠠᠢ ᠬᠠᠮᠲᠤ ᠪᠠᠷ ᠨᠦᠬᠡ ᠮᠠᠯᠲᠠᠨ ᠬᠠᠰᠢᠯᠭ᠎ᠠ ᠪᠣᠰᠬᠠᠵᠤ᠂ ᠰᠠᠭᠤᠯᠠᠭ᠎ᠠ ᠳᠡᠭᠦᠵᠢᠯᠡᠵᠦ ᠤᠰᠤᠯᠠᠨ ᠰᠢᠨ᠎ᠡ ᠴᠢᠬᠢ ᠮᠣᠳᠣ ᠨᠤᠭᠤᠳ ᠢ ᠰᠠᠭᠤᠯᠭᠠᠵᠤ ᠭᠠᠷᠪᠠ᠃ ᠰᠦᠨ ᠱᠤᠤ ᠴᠧᠩ ᠮᠣᠳᠣ ᠲᠠᠷᠢᠬᠤ ᠶᠢᠨ ᠳᠠᠭᠠᠤ ᠳᠡᠷᠭᠡᠳᠡᠬᠢ ᠪᠠᠭ᠎ᠠ ᠰᠤᠷᠭᠠᠭᠤᠯᠢ ᠶᠢᠨ ᠰᠤᠷᠤᠬᠴᠢᠳ ᠠᠴᠠ ᠰᠤᠷᠤᠯᠭ᠎ᠠ ᠪᠠ ᠠᠮᠢᠳᠤᠷᠠᠯ᠂ ᠭᠦᠳᠡᠯᠮᠦᠷᠢ ᠶᠢᠨ ᠦᠢᠯᠡᠳᠦᠯᠭᠡ ᠵᠡᠷᠭᠡ ᠪᠠᠶᠢᠳᠠᠯ ᠢ ᠨᠢ ᠬᠠᠯᠠᠮᠵᠢᠯᠠᠨ ᠠᠰᠠᠭᠤᠪᠠ᠃ ᠲᠡᠷᠡ᠂ ᠮᠣᠳᠣ ᠳᠠᠷᠢᠵᠤ ᠣᠶᠢᠵᠢᠭᠤᠯᠬᠤ ᠳᠤ ᠬᠥᠮᠥᠨ ᠪᠦᠭᠦᠨ ᠬᠠᠷᠢᠭᠤᠴᠠᠯᠭ᠎ᠠ ᠲᠠᠢ᠃ ᠪᠢᠳᠡ ᠪᠦᠭᠦᠳᠡᠭᠡᠷ ᠢᠶᠠᠨ ᠬᠥᠳᠡᠯᠦᠯᠴᠡᠵᠦ᠂ ᠮᠣᠳᠣ ᠳᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠦᠶ᠎ᠡ ᠶᠢᠨ ᠦᠶ᠎ᠡ ᠪᠤᠤᠬᠢᠶ᠎ᠠ ᠵᠠᠯᠭᠠᠨ ᠠᠵᠢᠯᠯᠠᠳᠠᠭ ᠯᠠ ᠶᠤᠮ ᠪᠣᠯ᠂ ᠬᠡᠦᠬᠡᠳ ᠤᠳ ᠥᠭᠡᠯᠡᠢ ᠪᠤᠯᠬᠤ ᠦᠶ᠎ᠡ ᠳᠤ ᠥᠪᠥᠷ ᠮᠣᠩᠭᠤᠯ ᠨᠠᠩ ᠨᠣᠮᠢᠨ ᠨᠣᠭᠤᠭᠠᠨ ᠪᠤᠯᠬᠤ ᠨᠢ ᠯᠠᠪᠲᠠᠢ ᠶᠤᠮ ᠭᠡᠵᠦ ᠬᠡᠯᠡᠪᠡ᠃ ᠬᠡᠰᠡᠭ ᠶᠠᠭᠠᠷᠠᠯᠲᠠᠢ ᠬᠥᠳᠡᠯᠮᠦᠷᠢᠯᠡᠬᠦ ᠪᠠᠷ ᠲᠠᠮᠵᠢᠵᠦ᠂ ᠰᠢᠨ᠎ᠡ ᠪᠠᠷ ᠳᠠᠷᠢᠭᠰᠠᠨ ᠮᠣᠶᠢᠯ᠂ ᠴᠠᠭᠠᠨ ᠬᠠᠶᠢᠯᠠᠰᠤ᠂ ᠲᠠᠯᠠᠲᠤ ᠡᠮᠡᠭᠡᠨ ᠴᠠᠭᠠᠨ᠂ ᠵᠡᠷᠯᠢᠭ ᠲᠤᠭᠤᠷ᠂ ᠠᠬᠴᠢ ᠵᠡᠷᠭᠡ ᠴᠢᠬᠢ ᠮᠣᠳᠣᠳ ᠵᠢᠭᠳᠡᠷᠡᠨ ᠰᠠᠯᠬᠢᠨ ᠤ ᠠᠶ᠎ᠠ ᠪᠠᠷ ᠨᠠᠶᠢᠭᠤᠨ᠎ᠠ᠃
ᠮᠣᠳᠣ ᠲᠠᠷᠢᠬᠤ ᠬᠤᠭᠤᠴᠠᠭᠠᠨ ᠳᠤ᠂ ᠰᠦᠨ ᠱᠤᠤ ᠴᠧᠩ ᠪᠠᠰᠠ ᠴᠡᠴᠡᠷᠯᠢᠭ ᠲᠠᠬᠢ ᠤᠢ ᠮᠣᠳᠣᠨ ᠤ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠲᠤᠬᠠᠢ ᠶᠢᠨ ᠲᠠᠯᠠᠪᠠᠢ ᠳᠤ ᠪᠠᠶᠢᠭᠰᠠᠨ ᠠᠵᠢᠯᠲᠠᠳ ᠲᠠᠢ ᠭᠦᠨᠵᠡᠭᠡᠢ ᠶᠠᠷᠢᠯᠴᠠᠨ᠂ ᠴᠢᠬᠢ ᠮᠣᠳᠣᠨ ᠤ ᠲᠦᠷᠦᠯ ᠵᠦᠢᠯ᠂ ᠢᠷᠡᠯᠲᠡ᠂ ᠦᠨ᠎ᠡ ᠬᠠᠩᠰᠢ᠂ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠯᠠᠪᠯᠠᠨ ᠠᠰᠠᠭᠤᠪᠠ᠃ ᠲᠡᠷᠡ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠶ ᠮᠣᠳᠣᠨ ᠤ ᠡᠭᠦᠯᠳᠡᠷ ᠢ ᠰᠣᠩᠭᠤᠵᠤ᠂ ᠮᠣᠳᠣᠨ ᠤ ᠲᠥᠷᠥᠯ ᠲᠠᠩ ᠴᠤᠯᠭᠤᠢ ᠪᠤᠯᠬᠤ ᠠᠴᠠ ᠵᠠᠶᠢᠯᠠᠰᠬᠢᠵᠦ᠂ ᠣᠶ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠪᠠᠲᠤᠯᠠᠬᠤ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠠᠬᠢᠭᠤᠯᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠶᠡᠭᠡ ᠪᠠᠷ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠲᠡᠰ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠳᠠᠬᠢ ᠶᠡᠷᠦᠩᠬᠡᠢ ᠠᠩᠭᠢ ᠶᠢᠨ ᠠᠷᠮᠢ ᠶᠢᠨ ᠲᠡᠰ ᠤᠨ ᠤᠳᠤᠷᠢᠳᠬᠤ ᠨᠥᠬᠦᠳ᠂ ᠭᠦᠭᠡᠬᠤᠲᠠ ᠶᠢᠨ ᠪᠠᠶᠢᠭᠤᠯᠭ᠎ᠠ ᠶᠢᠨ ᠺᠠᠳ᠋ᠷᠴᠤᠳ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃
ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ᠂ ᠪᠦᠭᠦ ᠣᠷᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠰᠠᠨ ᠬᠥᠮᠥᠨ ᠤ ᠲᠤᠭ᠎ᠠ ᠨᠡᠶᠢᠲᠡ 194.2 ᠲᠦᠮᠡᠨ ᠬᠥᠮᠥᠨ ᠤᠳᠠᠭ᠎ᠠ ᠳᠤ ᠬᠦᠷᠴᠦ᠂ ᠮᠣᠳᠣ ᠳᠠᠷᠢᠭᠰᠠᠨ ᠲᠠᠯᠠᠪᠠᠶ 10.6 ᠲᠦᠮᠡ ᠭᠠᠷᠤᠢ ᠮᠦ ᠳᠤ ᠬᠦᠷᠴᠡᠢ᠃ ᠪᠦᠭᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠵᠢᠯᠯᠠᠭ᠎ᠠ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠶᠢᠨ ᠲᠥᠯᠥᠭᠡ᠂ ᠮᠠᠨ ᠤ ᠣᠷᠣᠨ ᠪᠠᠰᠠ ︽ ᠢᠨᠲ᠋ᠧᠷ ᠰᠦᠯᠵᠢᠶ᠎ᠡ + ᠪᠦᠭᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ︾ ᠶᠢ ᠥᠷᠨᠢᠭᠦᠯᠵᠦ᠂ ᠪᠦᠭᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠶᠢ ᠬᠠᠨᠳᠤᠯᠭ᠎ᠠ ᠲᠠᠢ ᠪᠠᠷ 263 ᠲᠠᠯᠠᠪᠤᠷ ᠵᠣᠬᠢᠶᠠᠨ ᠪᠠᠶᠢᠭᠤᠯᠵᠤ᠂ ᠣᠷᠣᠯᠴᠠᠬᠰᠠᠨ ᠬᠥᠮᠥᠨ ᠤ ᠲᠤᠭ᠎ᠠ 19.3 ᠲᠦᠮᠡᠨ ᠬᠥᠮᠥᠨ ᠤᠳᠠᠭ᠎ᠠ ᠳᠤ ᠬᠦᠷᠴᠡᠢ᠃