ᠭᠦᠭᠡᠬᠤᠲᠠ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠦᠷᠢᠯᠳᠦᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/4/23

 

 

︽ ᠲᠠᠯᠠᠰᠲᠤ ᠴᠠᠬᠢᠭᠤᠷ ᠤᠨ ᠭᠡᠷᠡᠯᠴᠢ ᠴᠡᠨᠡᠭ ᠤᠨ ᠮᠠᠲ᠋ᠧᠷᠢᠶᠠᠯ᠂ ᠬᠠᠭᠠᠰ ᠳᠠᠮᠵᠢᠭᠤᠯᠤᠭᠴᠢ ᠶᠢᠨ ᠡᠯᠧᠺᠲᠷᠣᠨ ᠦᠢᠯᠡᠳᠬᠦ ᠦᠢᠯᠡᠰ᠂ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠢᠨ᠎ᠡ ᠭᠡᠯᠪᠡᠷᠢ ᠶᠢᠨ ᠢᠳᠡᠭᠡᠨ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠬᠠᠮ ᠡᠷᠡᠭᠦᠯ ᠮᠡᠨᠳᠦ᠂ ᠰᠠᠯᠬᠢ ᠨᠠᠷᠠᠨ ᠤ ᠡᠨᠧᠷᠭᠢ ᠶᠢᠨ ᠲᠣᠨᠣᠭᠯᠠᠯ᠂ ᠵᠣᠬᠢᠶᠠᠮᠠᠯ ᠣᠶᠤᠨ ᠴᠢᠳᠠᠪᠤᠷᠢ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ᠂ ᠤᠰᠤᠲᠥ᠋ᠷᠥᠭᠴᠢ ᠡᠨᠧᠷᠭᠢ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠨᠡᠭᠦᠷᠡᠰᠦᠨ ᠳᠤ ᠰᠠᠭᠤᠷᠢᠯᠠᠭᠰᠠᠨ ᠬᠢᠮᠢ ᠶᠢᠨ ᠠᠵᠤ ᠦᠢᠯᠡᠳᠪᠦᠷᠢ᠂ ᠬᠤᠰᠢᠭᠤᠷᠠᠯ ᠰᠢᠨ᠎ᠡ ᠮᠠᠲ᠋ᠧᠷᠢᠶᠠᠯ᠂ ᠪᠣᠳᠣᠯᠲᠠ ᠶᠢᠨ ᠬᠦᠴᠦᠨ ᠤ ᠰᠦᠯᠵᠢᠶ᠎ᠡ᠂ ᠰᠠᠨᠰᠠᠷ ᠤᠨ ᠠᠶᠠᠯᠠᠯ ᠤᠨ ᠴᠢᠮᠡᠭᠡ ᠬᠤᠯᠪᠣᠭᠠᠨ ᠤ ᠵᠠᠮᠴᠢᠯᠠᠭᠤᠷ ᠵᠡᠷᠭᠡ ᠨᠠᠷᠢᠯᠢᠭ ᠬᠤᠪᠢᠶᠠᠭᠰᠠᠨ 15 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠤᠷᠤᠯᠳᠤᠭᠠᠨ ᠤ ᠵᠠᠮ ᠢᠶᠠᠷ ᠬᠦᠴᠦᠯᠡᠨ ᠤᠷᠤᠭᠰᠢᠯᠠᠵᠤ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ ᠮᠥᠩᠭᠦ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠥᠨᠳᠥᠷ ᠪᠦᠲᠦᠮᠵᠢᠲᠡᠶ ᠠᠭᠤᠰᠤᠯᠴᠠᠯ ᠢ ᠠᠬᠢᠭᠤᠯᠵᠤ᠂ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠥᠨᠳᠥᠷ ᠦᠷ᠎ᠡ ᠠᠰᠢᠭ ᠲᠠᠢ᠂ ᠴᠢᠨᠠᠷ ᠰᠠᠶᠢᠲᠠᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠴᠢᠨᠠᠷ ᠪᠠᠶᠢᠳᠠᠯ ᠢ ᠪᠦᠷᠢᠯᠳᠦᠭᠦᠯᠦᠨ᠎ᠡ︾ ᠭᠡᠬᠦ ᠴᠢᠮᠡᠭᠡ ᠲᠦᠷᠦᠭᠦᠬᠡᠨ ᠭᠦᠭᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠤᠭᠤᠯᠳᠠᠯ᠎ᠠ᠃

ᠭᠦᠭᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠭᠦᠭᠡᠬᠤᠲᠠ ᠶᠠᠭ ᠰᠢᠨ᠎ᠡ ᠪᠠᠷ ᠮᠠᠨᠳᠤᠭᠰᠠᠨ ᠪᠠ ᠢᠷᠡᠭᠡᠳᠦᠢ ᠶᠢᠨ ᠠᠵᠤ ᠦᠢᠯᠡᠰ ᠢ ᠰᠢᠰᠲ᠋ᠧᠮ ᠲᠠᠢ ᠲᠥᠰᠥᠪᠯᠡᠵᠦ ᠪᠠᠶᠢᠨ᠎ᠠ᠃ ︽ᠥᠷᠲᠡᠭ ᠤᠨ ᠳᠡᠭᠡᠭᠰᠢᠯᠡᠯᠲᠡ᠂ ᠬᠠᠩᠭᠠᠯᠭ᠎ᠠ ᠶᠢᠨ ᠠᠭᠤᠰᠤᠯᠴᠠᠯ᠂ ᠬᠡᠷᠡᠭᠯᠡᠭᠡᠨ ᠤ ᠬᠥᠲᠥᠯᠥᠮᠵᠢ᠂ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡ᠂ ᠲᠣᠭᠠᠴᠢᠯᠠᠯᠳᠠ ᠪᠠᠷ ᠬᠦᠴᠦᠨ ᠴᠢᠳᠠᠯ ᠣᠯᠭᠤᠬᠤ︾ 5 ᠵᠤᠷᠪᠤᠰ ᠰᠢᠨ᠎ᠡ ᠶᠢ ᠡᠭᠦᠳᠬᠦ ᠬᠤᠯᠪᠣᠯᠳᠤᠯ ᠬᠡᠯᠬᠢᠶ᠎ᠡ ᠳᠤ ᠬᠦᠴᠦ ᠪᠠᠨ ᠲᠥᠪᠯᠡᠷᠡᠭᠦᠯᠵᠦ᠂ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠬᠢᠭᠡᠳ ︽ᠪᠠᠭ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠳᠤ ᠪᠣᠬᠢᠷᠳᠤᠯ ᠦᠭᠡᠢ᠂ ᠢᠷᠡᠭᠡᠳᠦᠢ ᠶᠢᠨ ᠮᠠᠲ᠋ᠧᠷᠢᠶᠠᠯ᠂ ᠢᠷᠡᠭᠡᠳᠦᠢ ᠶᠢᠨ ᠡᠨᠧᠷᠭᠢ᠂ ᠢᠷᠡᠭᠡᠳᠦᠢ ᠶᠢᠨ ᠡᠷᠡᠭᠦᠯ ᠮᠡᠨᠳᠦ᠂ ᠢᠷᠡᠭᠡᠳᠦᠢ ᠶᠢᠨ ᠦᠢᠯᠡᠳᠬᠦ ᠦᠢᠯᠡᠰ᠂ ᠢᠷᠡᠭᠡᠳᠦᠢ ᠶᠢᠨ ᠮᠡᠳᠡᠭᠡ ᠵᠠᠩᠭᠢ᠂ ᠢᠷᠡᠭᠡᠳᠦᠢ ᠶᠢᠨ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠰᠢᠨ᠎ᠡ ᠭᠡᠯᠪᠡᠷᠢ ᠶᠢᠨ ᠦᠢᠯᠡᠴᠢᠯᠡᠭᠡ︾ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠬᠤᠯᠪᠣᠯᠳᠤᠯ ᠬᠥᠭᠵᠢᠯᠲᠡ ᠶᠢ ᠢᠨᠵᠧᠨᠧᠷᠢᠩᠵᠢᠭᠦᠯᠦᠨ ᠠᠬᠢᠭᠤᠯᠤᠨ᠎ᠠ᠃

ᠣᠶᠢᠯᠠᠭᠠᠭᠰᠠᠨ ᠢᠶᠠᠷ᠂ ᠭᠦᠭᠡᠬᠤᠲᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠨ ᠵᠦᠢ ᠵᠣᠬᠢᠰᠲᠠᠢ ᠪᠠᠶᠢᠷᠢᠰᠢᠭᠤᠯᠵᠤ᠂ ᠣᠳᠣᠬᠠᠨ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠷᠥᠯ ᠵᠦᠢᠯ ᠢ ᠨᠥᠭᠡᠴᠡᠯᠡᠬᠦ ᠬᠥᠮᠥᠷᠭᠡ ᠳᠤ 167 ᠲᠥᠷᠥᠯ ᠵᠦᠢᠯ ᠣᠷᠣᠪᠠ᠂ ᠡᠭᠦᠨ ᠳᠤ 114 ᠲᠥᠷᠥᠯ ᠵᠦᠢᠯ ᠢ ᠰᠢᠨ᠎ᠡ ᠪᠠᠷ ᠪᠦᠲᠦᠭᠡᠨ ᠪᠠᠶᠢᠭᠤᠯᠵᠤ ᠪᠤᠢ᠂ 53 ᠲᠥᠷᠥᠯ ᠵᠦᠢᠯ ᠢ ᠦᠷᠭᠦᠯᠵᠢᠯᠡᠨ ᠪᠦᠲᠦᠭᠡᠨ ᠪᠠᠶᠢᠭᠤᠯᠵᠤ ᠪᠤᠢ᠂ ᠶᠡᠷᠦᠩᠬᠡᠢ ᠪᠡᠯᠡ ᠣᠷᠣᠭᠤᠯᠤᠯᠲᠠ ᠨᠢ 2012 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃

2024 ᠣᠨ ᠳᠤ᠂ ᠭᠦᠭᠡᠬᠤᠲᠠ ᠶᠢᠨ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠨᠡᠶᠢᠲᠡ 389 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ 228 ᠶᠢ ᠰᠢᠨ᠎ᠡ ᠪᠠᠷ ᠪᠦᠲᠦᠭᠡᠨ ᠪᠠᠶᠢᠭᠤᠯᠵᠤ᠂ 161 ᠶᠢ ᠦᠷᠭᠦᠯᠵᠢᠯᠡᠨ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 4116.09 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 831.12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ︔ 130 ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 2860 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃

ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠤᠨ ᠲᠠᠯ᠎ᠠ ᠪᠠᠷ᠂ ᠣᠷᠣᠨ ᠤ ᠲᠥᠪ ᠤᠨ ᠲᠠᠷᠢᠶᠠᠯᠠᠩ ᠮᠠᠯ ᠠᠵᠤ ᠠᠬᠤᠢ ᠶᠢᠨ ︽ᠨᠢᠭᠡ ᠴᠠᠭᠠᠷᠢᠭ ᠨᠢᠭᠡ ᠲᠣᠭᠤᠷᠢᠭ ᠬᠤᠶᠠᠷ ᠵᠢᠭᠦᠷ ᠳᠥᠷᠪᠡᠨ ᠬᠡᠰᠡᠭ︾ ᠤᠨ ᠶᠡᠷᠦᠩᠬᠡᠢ ᠪᠠᠶᠢᠷᠢᠰᠢᠭᠤᠯᠤᠯᠲᠠ ᠶᠣᠰᠣᠭᠠᠷ ︽ᠮᠢᠩᠭᠠᠨ ᠳ᠋ᠦᠩᠰᠢᠭᠤᠷ ᠲᠠᠰ ᠤᠨ︾ ᠰᠦ ᠶᠢᠨ ᠦᠶᠯᠡᠰ︔ ︽ᠵᠠᠭᠤᠨ ᠳ᠋ᠦᠩᠰᠢᠭᠤᠷ ᠲᠠᠰ ᠤᠨ︾ ᠮᠢᠬᠠᠨ ᠤ ᠲᠥᠷᠥᠯ᠂ ᠡᠷᠳᠡᠨᠢ ᠰᠢᠰᠢ︔ ︽ᠠᠷᠪᠠᠨ ᠳ᠋ᠦᠩᠰᠢᠭᠤᠷ ᠲᠠᠰ︾ ᠤᠨ ᠲᠥᠮᠥᠰᠥ᠂ ᠡᠯᠳᠡᠪ ᠠᠮᠤ ᠲᠣᠰᠣ᠂ ᠲᠡᠵᠢᠭᠡᠯ ᠡᠪᠡᠰᠦ ᠪᠣᠷᠳᠤᠭ᠎ᠠ ᠪᠠ ᠢᠳᠡᠰᠢᠨ ᠨᠣᠭᠤᠭ᠎ᠠ ᠶᠢᠨ ᠠᠵᠤ ᠦᠢᠯᠡᠰ ᠤᠨ 7 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ 2024 ᠣᠨ ᠳᠤ 92 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢ 295.8 ᠳ᠋ᠦᠩᠰᠢᠭᠤᠷ ᠲᠥᠭᠦᠷᠢᠭ ᠲᠤ ᠬᠦᠷᠭᠡᠨ᠂ ᠲᠣᠰ ᠵᠢᠯ ᠳᠤ 76.31 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃

ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠤᠨ ᠲᠠᠯ᠎ᠠ ᠪᠠᠷ᠂ ︽ᠨᠡᠭᠦᠷᠡᠰᠦ ᠴᠠᠭᠢᠯᠭᠠᠨ ᠲᠣᠰᠣ ᠬᠡᠢ᠂ ᠰᠠᠯᠬᠢ ᠭᠡᠷᠡᠯ ᠤᠨ ᠡᠨᠧᠷᠭᠢ ᠶᠢ ᠤᠰᠤᠲᠥ᠋ᠷᠥᠭᠴᠢᠵᠢᠭᠦᠯᠦᠨ ᠬᠠᠳᠠᠭᠠᠯᠠᠬᠤ︾ ᠶᠢ ᠵᠡᠷᠭᠡᠪᠡᠷ ᠬᠥᠭᠵᠢᠭᠦᠯᠵᠦ᠂ ︽ᠪᠣᠬᠢᠷᠳᠤᠯ ᠦᠭᠡᠢ ᠴᠠᠭᠢᠯᠭᠠᠨ ᠬᠦᠴᠦᠨ︾ ᠤ ᠦᠷ᠎ᠡ ᠠᠰᠢᠭ ᠢ ᠳᠡᠭᠡᠭᠰᠢᠯᠡᠭᠦᠯᠵᠦ᠂ ᠬᠤᠷᠢᠨᠭᠡᠷ ᠰᠢᠨ᠎ᠡ ᠲᠣᠭᠤᠷᠢᠭ ᠤᠨ ᠳ᠋ᠠᠶᠢᠲ᠋ᠠ ᠶᠢᠨ ᠲᠥᠪ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ᠂ ᠲᠣᠭᠠᠴᠢᠯᠠᠭᠰᠠᠨ ᠥᠭᠡᠷᠡᠴᠢᠯᠡᠯᠲᠡ ᠬᠢᠬᠦ᠂ ᠲᠣᠨᠤᠭ ᠲᠥᠬᠦᠭᠡᠷᠦᠮᠵᠢ ᠶᠢ ᠰᠢᠨᠡᠳᠬᠡᠬᠦ᠂ ᠤᠷ᠎ᠠ ᠮᠡᠷᠭᠡᠵᠢᠯ ᠢ ᠳᠡᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠪᠣᠬᠢᠷᠳᠤᠯ ᠦᠭᠡᠢ ᠴᠠᠭᠢᠯᠭᠠᠨ ᠢ ᠰᠢᠩᠭᠡᠭᠡᠬᠦ ᠵᠢᠱᠢᠶ᠎ᠡ ᠦᠵᠡᠭᠦᠯᠭᠦ ᠣᠷᠣᠨ ᠢ ᠪᠠᠶᠢᠭᠤᠯᠤᠨ᠎ᠠ᠃ ᠤᠭᠰᠠᠷᠠᠮᠠᠯ ᠳ᠋ᠢᠶᠠᠨ ᡂᠢ᠂ ᠡᠨᠧᠷᠭᠢ ᠬᠠᠳᠠᠭᠠᠯᠠᠬᠤ ᠰᠢᠰᠲ᠋ᠧᠮ ᠵᠡᠷᠭᠡ ᠠᠵᠤ ᠦᠢᠯᠡᠰ ᠢ ᠪᠣᠶᠢᠵᠢᠭᠤᠯᠵᠤ᠂ ᠰᠠᠯᠬᠢᠨ ᠭᠡᠷᠡᠯ ᠤᠨ ᠰᠢᠨ᠎ᠡ ᠡᠨᠧᠷᠭᠢ ᠪᠠᠷ ᠴᠠᠭᠢᠯᠭᠠᠨ ᠭᠠᠷᠭᠠᠬᠤ᠂ ᠢᠯᠴᠢ ᠶᠢᠨ ᠴᠠᠭᠢᠯᠭᠠᠨ ᠢ ᠠᠮᠢᠳᠤᠯᠢᠭᠵᠢᠭᠤᠯᠤᠨ ᠥᠭᠡᠷᠡᠴᠢᠯᠡᠬᠦ᠂ ᠴᠡᠪᠡᠷ ᠡᠨᠧᠷᠭᠢ ᠪᠠᠷ ᠣᠷᠣᠯᠠᠭᠤᠯᠬᠤ ᠶᠢ ᠠᠬᠢᠭᠤᠯᠵᠤ᠂ ᠪᠠᠭ᠎ᠠ ᠨᠡᠭᠦᠷᠡᠰᠦᠲᠥ᠋ᠷᠥᠭᠴᠢᠲᠦ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ 97 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢ 608.31 ᠳ᠋ᠦᠩᠰᠢᠭᠤᠷ ᠲᠥᠭᠦᠷᠢᠭ ᠲᠤ ᠬᠦᠷᠭᠡᠨ᠂ ᠲᠤᠰ ᠵᠢᠯ ᠳᠤ 191.45 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃

ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠲᠠᠯ᠎ᠠ ᠪᠠᠷ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠣᠭᠤᠷᠢᠨ ᠳᠤ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠡᠦᠷᠰᠢᠭᠦᠯᠬᠦ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠬᠢᠮᠢ ᠶᠢᠨ ᠠᠵᠤ ᠦᠢᠯᠡᠳᠪᠦᠷᠢ᠂ ᠴᠠᠬᠢᠭᠤᠷ ᠬᠢᠮᠢ ᠶᠢᠨ ᠠᠵᠤ ᠦᠢᠯᠡᠳᠪᠦᠷᠢ ᠶᠢᠨ ᠬᠤᠯᠪᠣᠯᠳᠤᠯ ᠬᠥᠭᠵᠢᠯᠲᠡ ᠶᠢᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠦᠨ᠎ᠡ᠃ 20 ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠤᠨ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢ 529.02 ᠳ᠋ᠦᠩᠰᠢᠭᠤᠷ ᠲᠥᠭᠦᠷᠢᠭ ᠲᠤ ᠬᠦᠷᠭᠡᠨ᠂ ᠲᠣᠰ ᠵᠢᠯ ᠳᠡᠭᠡᠨ 74.44 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃

ᠰᠢᠨ᠎ᠡ ᠮᠠᠲ᠋ᠧᠷᠢᠶᠠᠯ ᠪᠠ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠯᠦᠭᠵᠢᠯ ᠤᠨ ᠲᠠᠯ᠎ᠠ ᠪᠠᠷ᠂ ᠭᠡᠷᠡᠯᠴᠢ ᠴᠡᠨᠡᠭ ᠤᠨ ᠪᠦᠭᠦ ᠠᠵᠤ ᠦᠢᠯᠡᠰ ᠤᠨ ᠬᠡᠯᠬᠢᠶ᠎ᠡ᠂ ᠬᠠᠭᠠᠰ ᠳᠠᠮᠵᠢᠭᠤᠯᠤᠭᠴᠢ ᠴᠠᠬᠢᠭᠤᠷ ᠤᠨ ᠠᠵᠤ ᠦᠢᠯᠡᠰ ᠤᠨ ᠬᠡᠯᠬᠢᠶ᠎ᠡ ᠶᠢᠨ ᠬᠤᠣᠰ ᠬᠤᠯᠪᠣᠭᠠᠯᠠᠯ ᠤᠨ ᠬᠥᠳᠡᠯᠭᠡᠭᠦᠷ ᠤᠨ ᠬᠥᠭᠵᠢᠯᠲᠡ ᠶᠢ ᠭᠤᠣᠯᠳᠠᠯᠭ᠎ᠠ ᠲᠠᠢ ᠠᠬᠢᠭᠤᠯᠤᠨ᠎ᠠ᠃ ᠬᠠᠭᠠᠰ ᠳᠠᠮᠵᠢᠭᠤᠯᠤᠭᠴᠢ ᠲᠠᠩ ᠲᠠᠯᠠᠰᠲᠤ ᠴᠠᠬᠢᠭᠤᠷ ᠤᠨ ᠮᠠᠲ᠋ᠧᠷᠢᠶᠠᠯ ᠵᠢᠴᠢ ᠰᠡᠯᠪᠢᠭ ᠲᠣᠨᠤᠭ᠂ ᠬᠠᠭᠠᠰ ᠳᠠᠮᠵᠢᠭᠤᠯᠤᠭᠴᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠤᠯᠤᠰ ᠤᠨ ᠲᠠᠰ ᠤᠨ ᠬᠠᠭᠠᠰ ᠳᠠᠮᠵᠢᠭᠤᠯᠤᠭᠴᠢ ᠮᠠᠲ᠋ᠧᠷᠢᠶᠠᠯ ᠤᠨ ᠰᠤᠳᠤᠯᠤᠨ ᠨᠡᠭᠡᠭᠡᠬᠦ ᠲᠥᠪ ᠵᠢᠴᠢ 20GW ᠤᠨ ᠭᠡᠷᠡᠯᠴᠢ ᠴᠡᠨᠡᠭ ᠤᠨ ᠲᠣᠨᠣᠭᠯᠠᠯ ᠵᠡᠷᠭᠡ 94 ᠲᠥᠷᠥᠯ ᠵᠦᠢᠯ ᠢ ᠠᠬᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠶᠢ 1831.68 ᠳ᠋ᠦᠩᠰᠢᠭᠤᠷ ᠲᠥᠭᠦᠷᠢᠭ ᠲᠤ ᠬᠦᠷᠭᠡᠨ᠂ ᠲᠣᠰ ᠵᠢᠯ ᠳᠤ 370.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃

ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠤᠨ ᠲᠠᠯ᠎ᠠ ᠪᠠᠷ᠂ ᠠᠮᠢᠳᠤ ᠪᠣᠳᠠᠰ ᠤᠨ ᠸᠠᠺᠼᠢᠨ ᠤ ᠳᠡᠰ ᠳᠡᠪᠰᠢᠬᠦ ᠶᠢ ᠠᠬᠢᠭᠤᠯᠵᠤ᠂ ᠪᠦᠲᠦᠭᠡᠭᠳᠡᠬᠦᠨ ᠡᠮ ᠪᠠ ᠨᠠᠶᠢᠷᠠᠯᠭ᠎ᠠ ᠶᠢᠨ ᠬᠠᠷᠢᠴᠠᠯ ᠢ ᠨᠡᠮᠡᠭᠳᠡᠭᠦᠯᠵᠦ᠂ ᠬᠢᠲᠠᠳ ︵ᠮᠣᠩᠭᠤᠯ︶ ᠡᠮ ᠡᠮᠨᠡᠯᠭᠡ ᠶᠢᠨ ᠬᠥᠭᠵᠢᠨ ᠪᠤᠵᠠᠭᠠᠶᠢᠷᠠᠬᠤ ᠶᠢ ᠲᠡᠮᠵᠢᠨ ᠲᠡᠳᠬᠦᠨ᠎ᠡ᠃ 27 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠬᠦ ᠶᠢ ᠠᠬᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠶᠢ 136.22 ᠳ᠋ᠦᠩᠰᠢᠭᠤᠷ ᠲᠥᠭᠦᠷᠢᠭ ᠲᠤ ᠬᠦᠷᠭᠡᠨ᠂ ᠲᠣᠰ ᠵᠢᠯ ᠳᠤ 11.71 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃

ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠤᠨ ᠲᠠᠯ᠎ᠠ ᠪᠠᠷ᠂ ᠭᠦᠭᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠨᠠᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠨᠡᠶᠢᠳᠡᠮ ᠤᠨ ᠬᠡᠷᠡᠭᠯᠡᠭᠡᠨ ᠤ ᠪᠣᠳᠣᠯᠲᠠ ᠶᠢᠨ ᠴᠢᠳᠠᠪᠤᠷᠢ᠂ ᠣᠶᠤᠨᠴᠢ ᠪᠣᠳᠣᠯᠲᠠ ᠶᠢᠨ ᠴᠢᠳᠠᠪᠤᠷᠢ᠂ ᠲᠠᠰ ᠠᠴᠠ ᠳᠠᠪᠠᠭᠰᠠᠨ ᠪᠣᠳᠣᠯᠲᠠ ᠶᠢᠨ ᠴᠢᠳᠠᠪᠤᠷᠢ ᠶᠢᠨ ᠬᠡᠪᠴᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠤᠯᠤᠰ ᠤᠨ ᠪᠣᠳᠣᠯᠲᠠ ᠶᠢᠨ ᠴᠢᠳᠠᠪᠤᠷᠢ ᠶᠢᠨ 20 ᠬᠦᠴᠦᠷᠬᠡᠭ ᠬᠤᠲᠠ ᠶᠢᠨ ᠡᠮᠦᠨ᠎ᠡ 13 ᠨᠡᠷᠡᠰ ᠲᠤ ᠣᠷᠣᠬᠤ ᠪᠠᠷ ᠴᠢᠷᠮᠠᠶᠢᠨ᠎ᠠ᠃ 59 ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠤᠨ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢ 715.06 ᠳ᠋ᠦᠩᠰᠢᠭᠤᠷ ᠲᠥᠭᠦᠷᠢᠭ ᠲᠤ ᠬᠦᠷᠭᠡᠨ᠂ ᠲᠣᠰ ᠵᠢᠯ ᠳᠤ 107.01 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃

ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠶᠢᠨ ᠲᠣᠭᠤᠷᠢᠨ ᠳᠤ᠂ 2023 ᠣᠨ ᠳᠤ ᠭᠦᠭᠡᠬᠤᠲᠠ ᠶᠢᠨ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠣᠷᠤᠯᠠᠭᠤᠯᠭ᠎ᠠ ᠶᠢᠨ ᠣᠷᠣᠯᠭ᠎ᠠ 4800 ᠳ᠋ᠦᠩᠰᠢᠭᠤᠷ ᠲᠥᠭᠦᠷᠢᠭ ᠲᠤ ᠬᠦᠷᠴᠦ᠂ ︽ᠰᠦ ᠶᠢᠨ ᠦᠢᠯᠡᠰ᠂ ᠡᠪᠡᠰᠦᠨ ᠤ ᠦᠷ᠎ᠡ ᠶᠢᠨ ᠦᠢᠯᠡᠰ︾᠂ ︽ᠴᠡᠪᠡᠷ ᠡᠨᠧᠷᠭᠢ︾᠂ ︽ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ︾᠂ ︽ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ︾᠂ ︽ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ︾᠂ ︽ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ︾ ᠵᠡᠷᠭᠡ ᠨᠢᠭᠡ ᠪᠦᠯᠦᠭ ᠢᠯᠡᠷᠬᠡᠢ ᠳᠠᠪᠠᠭᠤᠯᠢᠭ ᠲᠠᠢ᠂ ᠢᠯᠡ ᠲᠣᠳᠣ ᠣᠨᠴᠠᠯᠢᠭ ᠲᠠᠢ᠂ ᠵᠣᠬᠢᠬᠤ ᠥᠷᠢᠰᠦᠯᠳᠦᠬᠦ ᠬᠦᠴᠦᠨ ᠲᠠᠢ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠪᠦᠯᠦᠭᠵᠢᠯ ᠢ ᠬᠥᠭᠵᠢᠭᠦᠯᠦᠨ ᠪᠦᠷᠢᠯᠳᠦᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠳᠤ ᠣᠯᠠᠨ ᠡᠰᠢᠵᠢᠭᠰᠡᠨ ᠬᠥᠭᠵᠢᠯᠲᠡ ᠶᠢᠨ ᠰᠠᠭᠤᠷᠢ ᠶᠢ ᠲᠠᠯᠪᠢᠵᠤ ᠥᠭᠴᠡᠢ᠃

︽ᠲᠠᠷᠠᠭᠠᠴᠢ ᠶᠢᠨ ᠠᠯᠬᠤᠮ ᠳᠤ᠂ ᠪᠢᠳᠡ ᠰᠢᠨ᠎ᠡ ᠪᠠᠷ ᠮᠠᠨᠳᠤᠭᠰᠠᠨ ᠢᠷᠡᠭᠡᠳᠦᠢ ᠶᠢᠨ ᠠᠵᠤ ᠦᠢᠯᠡᠰ ᠤᠨ ᠬᠤᠰᠢᠭᠤᠴᠢ ᠵᠢᠱᠢᠶ᠎ᠡ ᠦᠵᠡᠭᠦᠯᠭᠦ ᠣᠷᠣᠨ ᠢ 6 ᠪᠠᠶᠢᠭᠤᠯᠤᠨ᠎ᠠ︾᠃ ᠭᠦᠭᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠬᠴᠢ ᠳᠤ᠂ ᠢᠷᠡᠭᠡᠳᠦᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠤ ᠦᠢᠯᠡᠰ ᠤᠨ ᠬᠤᠰᠢᠭᠤᠴᠢ ᠵᠢᠱᠢᠶ᠎ᠡ ᠦᠵᠡᠭᠦᠯᠭᠦ ᠣᠷᠣᠨ᠂ ᠳᠡᠭᠡᠳᠦ ᠴᠢᠳᠠᠪᠬᠢᠲᠤ ᠨᠡᠶᠢᠯᠡᠮᠡᠯ ᠮᠠᠲ᠋ᠧᠷᠢᠶᠠᠯ ᠤᠨ ᠠᠵᠤ ᠦᠢᠯᠡᠰ ᠤᠨ ᠬᠤᠰᠢᠭᠤᠴᠢ ᠵᠢᠱᠢᠶ᠎ᠡ ᠦᠵᠡᠭᠦᠯᠭᠦ ᠣᠷᠣᠨ᠂ ᠢᠷᠡᠭᠡᠳᠦᠢ ᠶᠢᠨ ᠤᠰᠤᠲᠥ᠋ᠷᠥᠭᠴᠢ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠣᠨᠳᠣᠣᠰᠢᠭᠤᠯᠬᠤ ᠬᠤᠰᠢᠭᠤᠴᠢ ᠵᠢᠱᠢᠶ᠎ᠡ ᠦᠵᠡᠭᠦᠯᠭᠦ ᠣᠷᠣᠨ ᠵᠢᠴᠢ ᠢᠷᠡᠭᠡᠳᠦᠢ ᠶᠢᠨ ᠪᠣᠳᠣᠯᠲᠠ ᠶᠢᠨ ᠬᠦᠴᠦᠨ ᠤ ᠰᠦᠯᠵᠢᠶᠡᠨ ᠤ ᠠᠵᠤ ᠦᠢᠯᠡᠰ ᠤᠨ ᠬᠤᠰᠢᠭᠤᠴᠢ ᠵᠢᠱᠢᠶ᠎ᠡ ᠦᠵᠡᠭᠦᠯᠭᠦ ᠣᠷᠣᠨ᠂ ᠢᠷᠡᠭᠡᠳᠦᠢ ᠶᠢᠨ ᠵᠣᠬᠢᠶᠠᠮᠠᠯ ᠣᠶᠤᠨ ᠴᠢᠳᠠᠪᠤᠷᠢ ᠪᠠ ᠤᠶᠠᠨ ᠬᠠᠳᠠᠨ ᠴᠢᠨᠠᠷᠲᠠᠢ ᠡᠯᠧᠺᠲᠷᠣᠨ ᠠᠵᠤ ᠦᠢᠯᠡᠰ ᠤᠨ ᠬᠤᠰᠢᠭᠤᠴᠢ ᠵᠢᠱᠢᠶ᠎ᠡ ᠦᠵᠡᠭᠦᠯᠭᠦ ᠣᠷᠣᠨ᠂ ᠢᠷᠡᠭᠡᠳᠦᠢ ᠶᠢᠨ ᠠᠯᠤᠰ ᠰᠡᠷᠡᠯ ᠤᠨ ᠳᠠᠭᠠᠭᠤᠯᠢ ᠣᠳᠣᠨ ᠤ ᠠᠵᠤ ᠦᠢᠯᠡᠰ ᠤᠨ ᠬᠤᠰᠢᠭᠤᠴᠢ ᠵᠢᠱᠢᠶ᠎ᠡ ᠦᠵᠡᠭᠦᠯᠭᠦ ᠣᠷᠣᠨ ᠢ ᠬᠦᠴᠦᠯᠡᠨ ᠪᠠᠶᠢᠭᠤᠯᠤᠨ᠎ᠠ᠃ ᠢᠯᠠᠩᠭᠤᠶ᠎ᠠ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠨᠢᠭᠡ ᠪᠦᠯᠦᠭ ᠵᠣᠬᠢᠶᠠᠮᠠᠯ ᠣᠶᠤᠨ ᠴᠢᠳᠠᠪᠤᠷᠢ᠂ ᠪᠠᠷᠠᠭᠠᠨ ᠤ ᠰᠦᠯᠵᠢᠶ᠎ᠡ᠂ ᠬᠡᠯᠬᠢᠶ᠎ᠡ ᠳ᠋ᠠᠶᠢᠲ᠋ᠠ ᠵᠡᠷᠭᠡ ᠠᠵᠤ ᠦᠢᠯᠡᠰ ᠤᠨ ᠲᠥᠷᠥᠯ ᠵᠦᠢᠯ ᠢ ᠭᠤᠣᠯᠳᠠᠯᠭ᠎ᠠ ᠲᠠᠢ ᠪᠠᠶᠢᠷᠢᠰᠢᠭᠤᠯᠵᠤ᠂ ︽ᠪᠠᠶᠢᠬᠤ ᠳᠤᠮᠳᠠ ᠰᠢᠨ᠎ᠡ ᠶᠢ ᠡᠭᠦᠳᠬᠦ᠂ ᠰᠢᠨ᠎ᠡ ᠶᠢ ᠡᠭᠦᠳᠬᠦ ᠳᠤᠮᠳᠠ ᠬᠤᠪᠢᠷᠠᠯᠲᠠ ᠶᠢ ᠡᠷᠢᠯᠬᠢᠯᠡᠬᠦ᠂ ᠦᠭᠡᠢ ᠪᠠᠶᠢᠭᠰᠠᠨ ᠢ ᠡᠭᠦᠳᠬᠦ︾ ᠶᠢ ᠪᠡᠶᠡᠯᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠦᠷᠢᠯᠳᠦᠭᠦᠯᠦᠨ᠎ᠡ ᠭᠡᠪᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map