ᠮᠠᠨᠵᠤᠤᠷ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 2 ᠰᠠᠷ᠎ᠠ ᠳᠤ᠂ 45171 ᠲᠣᠨ ᠵᠢᠮᠢᠰ ᠨᠣᠭᠤᠭ᠎ᠠ ᠶᠢ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠪᠠᠷ ᠥᠨᠳᠥᠷ ᠪᠦᠲᠦᠮᠵᠢᠲᠡᠢ ᠪᠥᠭᠡᠳ ᠡᠮᠬᠢ ᠵᠢᠷᠤᠮ ᠲᠠᠢ ᠪᠠᠷ ᠭᠠᠳᠠᠭᠠᠳᠤ ᠳᠤ ᠭᠠᠷᠭᠠᠵᠤ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠠᠨ 85.8% ᠪᠠᠷ ᠨᠡᠮᠡᠭᠳᠡᠵᠦ᠂ ᠠᠷᠠᠯᠵᠢᠶᠠᠨ ᠤ ᠦᠷᠳᠡᠭ 3.6 ᠳ᠋ᠦᠩᠰᠢᠭᠤᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 1.2 ᠲᠠᠬᠢᠨ ᠨᠡᠮᠡᠭᠳᠡᠵᠡᠢ᠃
ᠮᠠᠨᠵᠤᠤᠷ ᠤᠨ ᠱᠢ ᠪᠠ ᠯᠢ ᠪᠣᠭᠤᠮᠲᠠ ᠶᠢᠨ ᠬᠢᠨ ᠠᠵᠤ ᠠᠬᠤᠶᠢᠯᠠᠯ ᠤᠨ ᠤᠷᠢᠳᠴᠢᠯᠠᠨ ᠮᠡᠳᠡᠭᠦᠯᠬᠦ ᠵᠠᠭᠪᠤᠷ ᠬᠡᠷᠡᠭᠯᠡᠬᠦ ᠶᠢ ᠢᠳᠡᠪᠬᠢᠲᠡᠢ ᠵᠢᠯᠤᠭᠤᠳᠴᠤ᠂ ᠲᠠᠷᠢᠶᠠᠯᠠᠩ ᠤᠨ ᠭᠠᠷᠤᠯᠢ ᠶᠢᠨ ᠭᠠᠳᠠᠭᠠᠳᠤ ᠭᠠᠷᠭᠠᠯᠲᠠ ᠶᠢ ᠪᠣᠭᠤᠮᠲᠠ ᠪᠠᠷ ᠲᠦᠷᠭᠡᠨ ᠥᠩᠭᠡᠷᠡᠭᠦᠯᠬᠦ ︽ᠰᠠᠭᠠᠳ ᠦᠭᠡᠢ ᠵᠠᠮ︾ ᠢ ᠨᠠᠪᠲᠠᠷᠡᠭᠦᠯᠵᠦ᠂ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠳᠤ ︽ᠲᠦᠷᠦ ᠶᠢᠨ ᠪᠣᠳᠣᠯᠭ᠎ᠠ ᠪᠠᠷ ᠰᠣᠷᠭᠤᠭ ᠪᠠᠶᠢᠯᠭᠠᠬᠤ ᠡᠳ᠋︾ ᠬᠠᠩᠭᠠᠪᠠ᠃ ᠵᠠᠷᠯᠢᠭ ᠲᠤ ᠣᠨᠣᠭᠳᠠᠭᠰᠠᠨ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠳᠤ ︽ᠬᠥᠮᠥᠨ ᠤ ᠬᠦᠴᠦ + ᠮᠠᠰᠢᠨ ᠢᠶᠠᠷ ᠰᠢᠯᠭᠠᠬᠤ︾ ᠠᠷᠭ᠎ᠠ ᠬᠡᠷᠡᠭᠵᠢᠭᠦᠯᠵᠦ᠂ ᠲᠥᠷᠥᠯ ᠨᠢ ᠲᠠᠩ ᠴᠤᠯᠭᠤᠢ᠂ ᠲᠤᠭ᠎ᠠ ᠬᠡᠮᠵᠢᠶ᠎ᠡ ᠨᠢ ᠲᠣᠬᠢᠷᠠᠮᠵᠢᠲᠠᠢ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠳᠤ ᠴᠢᠭᠯᠡᠭᠦᠯᠦᠨ᠂ ᠦᠯᠦ ᠲᠦᠷᠢᠬᠦ ᠬᠡᠯᠪᠡᠷᠢ ᠶᠢᠨ ᠪᠠᠶᠢᠴᠠᠭᠠᠨ ᠰᠢᠯᠭᠠᠯᠲᠠ ᠶᠢ ᠬᠡᠷᠡᠭᠵᠢᠭᠦᠯᠪᠡ᠃ ᠠᠳᠠᠯᠢ ᠲᠡᠷᠭᠡᠨ ᠳᠤ ᠠᠴᠢᠶᠠᠯᠠᠭ᠋ᠤ ᠲᠥᠷᠥᠯ ᠨᠢ ᠨᠡᠯᠢᠶᠡᠳ ᠣᠯᠠᠨ᠂ ᠪᠠᠷᠠᠭ᠎ᠠ ᠣᠪᠣᠭᠠᠯᠠᠭᠰᠠᠨ ᠨᠢ ᠪᠤᠳᠤᠯᠢᠶᠠᠨᠲᠠᠢ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠳᠤ ᠴᠢᠭᠯᠡᠭᠦᠯᠦᠨ᠂ ᠪᠣᠭᠤᠮᠲᠠ ᠶᠢᠨ ᠬᠢᠨ ᠠᠵᠤ ᠠᠬᠤᠶᠢᠯᠠᠯ ᠤᠨ ᠬᠡᠷᠡᠭᠴᠡᠭᠡ ᠶᠢ ᠦᠨᠳᠦᠰᠦᠯᠡᠵᠦ ᠪᠣᠭᠤᠮᠲᠠ ᠶᠢᠨ ᠠᠵᠢᠯᠲᠠᠨ ᠢ ᠲᠣᠬᠢᠷᠠᠭᠤᠯᠤᠨ ᠬᠤᠲᠠ ᠶᠢᠨ ᠲᠣᠭᠤᠷᠢᠭ ᠤᠨ ᠨᠥᠬᠦᠴᠡᠯ ᠳᠤ ᠨᠡᠶᠢᠴᠡᠬᠦ ᠬᠥᠮᠥᠷᠭᠡ ᠳᠤ ᠣᠴᠢᠭᠤᠯᠵᠤ᠂ ᠵᠢᠮᠢᠰ ᠨᠣᠭᠤᠭ᠎ᠠ ᠰᠣᠯᠢᠵᠤ ᠠᠴᠢᠶᠠᠯᠠᠭ᠋ᠤ ᠳᠤ ᠨᠢ ᠳᠠᠭᠠᠯᠳᠤᠨ ᠬᠢᠨᠠᠨ ᠬᠠᠮᠢᠶᠠᠷᠴᠤ᠂ ᠪᠣᠭᠤᠮᠲᠠ ᠪᠠᠷ ᠥᠩᠭᠡᠷᠡᠭᠦᠯᠬᠦ ᠴᠠᠭ ᠢ ᠨᠢ ᠪᠠᠭᠠᠰᠬᠠᠪᠠ᠃ ᠡᠭᠦᠨ ᠤ ᠬᠠᠮᠲᠤ᠂ ᠮᠠᠨᠵᠤᠤᠷ ᠤᠨ ᠱᠢ ᠪᠠ ᠯᠢ ᠪᠣᠭᠤᠮᠲᠠ ᠶᠢᠨ ᠬᠢᠨ ︽ᠣᠶᠤᠨᠲᠤ ᠪᠣᠭᠤᠮᠲᠠ︾ ︽ᠭᠠᠭᠴᠠ ᠴᠣᠩᠬᠤ︾ ᠵᠡᠷᠭᠡ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠲᠦᠭᠡᠯ ᠤᠳ ᠲᠤ ᠲᠦᠰᠢᠭᠯᠡᠨ᠂ ᠪᠣᠭᠤᠮᠲᠠ ᠪᠠᠷ ᠥᠩᠭᠡᠷᠡᠭᠦᠯᠬᠦ ᠴᠠᠭ ᠢ ᠦᠷᠭᠦᠯᠵᠢᠯᠡᠨ ᠪᠠᠭᠠᠰᠬᠠᠵᠤ᠂ ᠵᠢᠮᠢᠰ ᠨᠣᠭᠤᠭ᠎ᠠ ᠶᠢ ︽ᠬᠦᠯᠢᠶᠡᠯᠭᠡᠬᠦ ᠦᠭᠡᠢ︾ ︽ᠰᠣᠷᠭᠤᠭ ᠢᠶᠠᠷ ᠨᠢ︾ ᠭᠠᠳᠠᠭᠠᠳᠤ ᠳᠤ ᠭᠠᠷᠭᠠᠬᠤ ᠶᠢ ᠪᠠᠲᠤᠯᠠᠪᠠ᠃
︽ᠰᠢᠨ᠎ᠡ ᠰᠣᠷᠭᠤᠭ ᠵᠢᠮᠢᠰ ᠨᠣᠭᠤᠭ᠎ᠠ ᠨᠢ ᠣᠷᠳᠣ ᠬᠤᠭᠤᠴᠠᠭ᠎ᠠ ᠪᠠᠷ ᠬᠠᠳᠠᠭᠠᠯᠠᠭ᠋ᠤ ᠪᠠ ᠠᠴᠢᠶᠠᠯᠠᠵᠤ ᠪᠠᠭᠤᠯᠭᠠᠬᠤ ᠳᠤ ᠠᠮᠠᠷᠬᠠᠨ ᠭᠡᠮᠲᠦᠨ᠎ᠡ᠂ ᠮᠠᠨᠵᠤᠤᠷ ᠪᠣᠭᠤᠮᠲᠠ ᠶᠢᠨ ᠭᠠᠳᠠᠭᠠᠳᠤ ᠳᠤ ᠭᠠᠷᠭᠠᠬᠤ ᠲᠠᠷᠢᠶᠠᠯᠠᠩ ᠤᠨ ᠭᠠᠷᠤᠯᠢ ᠶᠢᠨ ᠰᠠᠭᠠᠳ ᠦᠭᠡᠢ ᠵᠠᠮ ᠤᠨ ᠠᠴᠢ ᠪᠠᠷ ᠪᠢᠳᠡᠨ ᠳᠤ ᠪᠣᠭᠤᠮᠲᠠ ᠪᠠᠷ ᠲᠦᠷᠭᠡᠨ ᠥᠩᠭᠡᠷᠡᠬᠦ ᠶᠢ ᠬᠠᠮᠤᠭ ᠲᠦᠷᠦᠭᠦᠨ ᠳᠤ ᠪᠡᠶᠡᠯᠡᠭᠦᠯᠵᠦ᠂ ᠪᠠᠭ᠎ᠠ ᠪᠤᠰᠤ ᠥᠪᠡᠷ ᠤᠨ ᠥᠷᠲᠡᠭ ᠢ ᠠᠷᠪᠢᠯᠠᠵᠤ ᠥᠭᠭᠦᠭᠰᠡᠨ ᠪᠥᠭᠡᠳ ᠡᠨᠡ ᠵᠢᠯ ᠤᠨ ᠠᠷᠠᠯᠵᠢᠶᠠᠨ ᠤ ᠪᠠᠶᠢᠳᠠᠯ ᠳᠤ ᠨᠠᠩ ᠢᠲᠡᠭᠡᠯ ᠲᠠᠢ ᠪᠣᠯᠭᠠᠭᠰᠠᠨ ᠪᠠᠶᠢᠨ᠎ᠠ᠃︾ ᠭᠡᠵᠦ ᠮᠠᠨᠵᠤᠤᠷ ᠤᠨ ᠰᠢᠩ ᠳ᠋ᠠ ᠪᠠᠷᠠᠭ᠎ᠠ ᠲᠡᠭᠡᠭᠡᠪᠦᠷᠢ ᠣᠷᠣᠯᠠᠨ ᠭᠦᠢᠴᠡᠳᠬᠡᠬᠦ ᠬᠢᠵᠠᠭᠠᠷᠲᠤ ᠺᠣᠮᠫᠠᠨᠢ ᠶᠢᠨ ᠪᠣᠭᠤᠮᠲᠠ ᠳᠤ ᠮᠡᠳᠡᠭᠦᠯᠦᠭᠴᠢ ᠰᠢᠶᠧ ᠬᠤᠸᠠᠢ ᠲᠤᠤ ᠬᠡᠯᠡᠪᠡ᠃
ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠳᠠᠬᠢ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠯᠠᠮ ᠠᠴᠠ ᠤᠯᠠᠮ ᠳᠥᠭᠦᠮ ᠳᠥᠲᠡ ᠥᠨᠳᠥᠷ ᠪᠦᠲᠦᠮᠵᠢᠲᠡᠢ ᠪᠣᠯᠬᠤ ᠶᠢ ᠳᠠᠭᠠᠯᠳᠤᠨ᠂ ᠭᠠᠳᠠᠭᠠᠳᠤ ᠠᠷᠠᠯᠵᠢᠶᠠᠨ ᠤ ᠲᠠᠷᠢᠶᠠᠯᠠᠩ ᠤᠨ ᠭᠠᠷᠤᠯᠢ ᠶᠢ ᠭᠠᠳᠠᠭᠠᠳᠤ ᠳᠤ ᠭᠠᠷᠭᠠᠬᠤ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃ 2024 ᠣᠨ ᠳᠤ᠂ ᠮᠠᠨᠵᠤᠤᠷ ᠤᠨ ᠱᠢ ᠪᠠ ᠯᠢ ᠪᠣᠭᠤᠮᠲᠠ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠪᠣᠭᠤᠮᠲᠠ ᠪᠠᠷ ᠥᠩᠭᠡᠷᠡᠭᠦᠯᠬᠦ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠪᠦᠲᠦᠮᠵᠢ ᠶᠢ ᠦᠨᠡᠬᠡᠷ ᠳᠡᠭᠡᠭᠰᠢᠯᠡᠭᠦᠯᠵᠦ᠂ ᠪᠣᠭᠤᠮᠲᠠ ᠶᠢᠨ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ ᠭᠠᠷᠤᠯᠢ ᠶᠢᠨ ᠭᠠᠳᠠᠭᠰᠢ ᠭᠠᠷᠬᠤ ᠶᠢ ᠳᠡᠮᠵᠢᠨ᠎ᠡ᠃