ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠄ ︽ᠨᠡᠪᠲᠡᠷᠡᠯ ᠵᠠᠮ ᠤᠨ ᠠᠵᠤ ᠠᠬᠤᠢ ︾ ᠶᠢ ︽ᠠᠵᠤ ᠦᠢᠯᠡᠰ ᠤᠨ ᠠᠵᠤ ᠠᠬᠤᠢ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/9

 

ᠥᠨᠥ ᠵᠢᠯ ᠪᠣᠯ ᠳᠤᠮᠳᠠᠳᠤ ᠮᠣᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠮᠥᠨ᠂ ᠲᠦᠷᠦᠭᠦᠬᠡᠨ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠵᠢᠩᠬᠢᠨᠢ ᠪᠠᠷ ᠣᠯᠪᠠ᠃ ᠡᠨᠡ ᠨᠢ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠠᠶᠢᠭᠤᠯᠤᠯᠲᠠ ᠲᠡᠦᠬᠡᠨ ᠰᠢᠨ᠎ᠡ ᠱᠠᠲᠤᠨ ᠳᠤ ᠣᠷᠣᠵᠤ᠂ ᠳᠤᠮᠳᠠᠳᠤ ᠺᠠᠽᠠᠭᠰᠲ᠋ᠠᠨ ᠤ ᠬᠤᠷᠭᠤᠰ ᠤᠨ ᠣᠯᠠᠨ ᠤᠯᠤᠰ ᠤᠨ ᠬᠢᠯᠢ ᠶᠢᠨ ᠬᠠᠮᠲᠤᠷᠠᠯᠴᠠᠭᠠᠨ ᠤ ᠲᠥᠪ᠂ ᠳᠤᠮᠳᠠᠳᠤ ᠯᠠᠤᠰ ᠤᠨ ᠮᠤᠬᠠᠨ — ᠪᠣᠲ᠋ᠧᠨ ᠤ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠳᠠᠷᠠᠭᠠᠬᠢ ᠳᠤᠮᠳᠠᠳᠤ ᠤᠯᠤᠰ ᠬᠢᠭᠡᠳ ᠬᠥᠷᠰᠢ ᠵᠡᠷᠭᠡᠯᠡᠳᠡᠭᠡ ᠤᠯᠤᠰ ᠤᠨ ᠬᠠᠮᠲᠤ ᠪᠠᠷ ᠪᠠᠶᠢᠭᠤᠯᠤᠭᠰᠠᠨ ᠭᠤᠷᠪᠠᠳᠠᠭᠢ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯᠤᠭᠰᠠᠨ ᠢ ᠬᠠᠷᠠᠭᠤᠯᠵᠤ ᠪᠠᠶᠢᠨ᠎ᠠ᠃

ᠡᠷᠢᠶᠡᠨ ᠬᠤᠲᠠ ᠳᠤᠮᠳᠠᠳᠤ ᠤᠯᠤᠰ ᠬᠢᠭᠡᠳ ᠬᠥᠷᠰᠢ ᠵᠡᠷᠭᠡᠯᠡᠳᠡᠭᠡ ᠤᠯᠤᠰ ᠤᠨ ᠬᠠᠮᠲᠤ ᠪᠠᠷ ᠪᠠᠶᠢᠭᠤᠯᠤᠭᠰᠠᠨ ᠭᠤᠷᠪᠠᠳᠠᠭᠢ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯᠣᠭᠰᠠᠨ ᠨᠢ ᠳᠤᠮᠳᠠᠳᠤ ᠮᠣᠩᠭᠤᠯ ᠬᠤᠶᠠᠷ ᠤᠯᠤᠰ ᠤᠨ 10 ᠵᠢᠯ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ ᠣᠯᠣᠭᠰᠠᠨ ᠦᠷ᠎ᠡ ᠪᠦᠲᠦᠭᠡᠯ ᠮᠥᠨ᠃ 2014 ᠣᠨ ᠳᠤ᠂ ᠶᠡᠷᠦᠩᠬᠡᠢ ᠱᠦᠵᠢ ᠰᠢ ᠶᠢᠨ ᠫᠢᠩ ᠮᠣᠩᠭᠤᠯ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ︽ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠡᠷᠢᠶᠡᠨ ᠬᠤᠲᠠ — ᠮᠣᠩᠭᠤᠯ ᠤᠯᠤᠰ ᠤᠨ ᠵᠠᠮ ᠤᠨ ᠡᠭᠦᠳᠡ ᠵᠡᠷᠭᠡ ᠭᠠᠵᠠᠷ ᠲᠤ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠰᠤᠳᠤᠯᠬᠤ ᠶᠢ ᠵᠥᠪᠰᠢᠶᠡᠷᠡᠨ᠎ᠡ︾ ᠭᠡᠵᠦ ᠳᠤᠷᠠᠳᠴᠤ᠂ ᠤᠷᠢᠳ ᠬᠤᠵᠢᠳ 20 ᠭᠠᠷᠤᠢ ᠤᠳᠠᠭ᠎ᠠ ᠶᠢᠨ ᠣᠯᠣᠯᠴᠠᠭ᠎ᠠ ᠪᠠᠷ ᠳᠠᠮᠵᠢᠨ ᠬᠠᠮᠲᠤᠷᠠᠯᠴᠠᠭᠠᠨ ᠤ ᠣᠷᠣᠨ ᠤ ᠭᠠᠵᠠᠷ ᠰᠣᠩᠭᠤᠬᠤ᠂ ᠬᠠᠮᠲᠤᠷᠠᠯᠴᠠᠭᠠᠨ ᠤ ᠵᠠᠭᠪᠤᠷ᠂ ᠬᠠᠮᠲᠤ ᠶᠢᠨ ᠶᠡᠷᠦᠩᠬᠡᠢ ᠲᠥᠰᠥᠯ ᠵᠡᠷᠭᠡ ᠲᠠᠯ᠎ᠠ ᠪᠠᠷ ᠤᠯᠠᠨ ᠲᠠᠯ᠎ᠠ ᠶᠢᠨ ᠬᠠᠮᠲᠤ ᠶᠢᠨ ᠲᠠᠨᠢᠯᠲᠠ ᠲᠠᠢ ᠪᠣᠯᠪᠠ᠃

ᠳᠤᠮᠳᠠᠳᠤ ᠮᠣᠩᠭᠤᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠰᠠᠶᠢᠨ ᠬᠠᠨᠢᠲᠠᠨ ᠪᠣᠯᠬᠤ ᠬᠡᠷᠡᠭᠲᠡᠢ᠃ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠠᠪᠤᠳᠠᠯ ᠨᠢ ᠶᠠᠭᠤᠨ ᠤ ᠡᠮᠦᠨ᠎ᠡ ︽ᠲᠡᠭᠷᠢ ᠶᠢᠨ ᠴᠠᠭ︾ ᠤᠨ ᠳᠠᠪᠠᠭᠤᠯᠢᠭ ᠲᠠᠢ᠂ ︽ᠲᠡᠭᠷᠢ ᠶᠢᠨ ᠴᠠᠭ︾ ᠭᠡᠳᠡᠭ ᠨᠢ ᠳᠤᠮᠳᠠᠳᠤ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠢ ᠵᠣᠬᠢᠴᠠᠯᠳᠤᠯ ᠢ ᠵᠢᠭᠠᠵᠤ ᠪᠠᠶᠢᠭ᠎ᠠ ᠶᠤᠮ᠃ ᠳᠤᠮᠳᠠᠳᠤ ᠤᠯᠤᠰ ᠬᠥᠷᠰᠢ ᠵᠡᠷᠭᠡᠯᠡᠳᠡᠭᠡ ᠤᠯᠤᠰ ᠯᠤᠭ᠎ᠠ ᠶᠢᠨ ᠨᠥᠬᠦᠷᠰᠡᠭ ᠬᠠᠷᠢᠯᠴᠠᠭ᠎ᠠ ᠪᠠᠨ ᠬᠥᠭᠵᠢᠭᠦᠯᠬᠦ ᠳᠤ ᠳᠣᠲᠣᠨᠣᠰᠤᠭ᠂ ᠦᠨᠡᠨᠴᠢ᠂ ᠬᠦᠷᠲᠡᠭᠡᠮᠵᠢᠲᠡᠢ᠂ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠢ ᠳᠤᠷᠠᠳᠴᠤ᠂ ᠳᠤᠮᠳᠠᠳᠤ ᠤᠯᠤᠰ ᠤᠨ ᠬᠥᠭᠵᠢᠯᠲᠡ ᠪᠠᠷ ᠮᠣᠩᠭᠤᠯ ᠤᠯᠤᠰ ᠢ ᠪᠠᠭᠲᠠᠭᠠᠭᠰᠠᠨ ᠡᠷᠬᠢᠨ ᠲᠣᠭᠤᠷᠢᠨ ᠤ ᠤᠯᠤᠰ ᠤᠳ ᠲᠤ ᠠᠰᠢᠭ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃

ᠳᠠᠷᠠᠭᠠᠯᠠᠪᠠᠯ᠂ ᠳᠤᠮᠳᠠᠳᠤ ᠮᠣᠩᠭᠤᠯ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭ᠎ᠠ ᠨᠢ ᠪᠠᠰᠠ ︽ᠭᠠᠵᠠᠷ ᠤᠨ ᠠᠰᠢᠭ︾ ᠤᠨ ᠳᠠᠪᠠᠭᠤᠯᠢᠭ ᠲᠠᠢ᠃ ᠡᠨᠡ ᠨᠢ ᠳᠠᠷᠤᠢ ᠳᠤᠮᠳᠠᠳᠤ ᠮᠣᠩᠭᠤᠯ ᠪᠣᠯ ᠡᠬᠡ ᠬᠠᠭᠤᠷᠠᠢ ᠶᠢᠨ ᠬᠢᠯᠢ ᠶᠢᠨ ᠱᠤᠭᠤᠮ ᠢᠶᠠᠷ ᠬᠠᠮᠤᠭ ᠤᠨ ᠣᠷᠳᠣ ᠬᠥᠷᠰᠢ ᠤᠯᠤᠰ ᠪᠠᠶᠢᠵᠤ᠂ ᠡᠶᠢᠮᠦ ᠨᠢᠭᠲᠠ ᠭᠠᠵᠠᠷ ᠵᠦᠢ ᠶᠢᠨ ᠬᠠᠷᠢᠴᠠᠭ᠎ᠠ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠣᠯᠠᠨ ᠠᠴᠠ ᠣᠨᠴᠠᠭᠠᠶ ᠨᠥᠬᠦᠴᠡᠯ ᠢ ᠬᠠᠩᠭᠠᠵᠤ ᠥᠭᠭᠦᠭᠰᠡᠨ ᠶᠤᠮ᠃ ᠡᠭᠦᠨ ᠠᠴᠠ ᠭᠠᠳᠠᠨ᠎ᠠ᠂ ᠬᠤᠶᠠᠷ ᠤᠯᠤᠰ ᠤᠨ ᠠᠵᠤ ᠠᠬᠤᠢ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠵᠦ᠂ ᠮᠣᠩᠭᠤᠯ ᠤᠯᠤᠰ ᠡᠯᠪᠡᠭ ᠳᠡᠯᠪᠡᠭ ᠡᠬᠢ ᠪᠠᠶᠠᠯᠢᠭ ᠲᠠᠢ᠂ ᠳᠤᠮᠳᠠᠳᠤ ᠤᠯᠤᠰ ᠬᠠᠷᠢᠨ ᠯᠤᠲᠤ ᠶᠡᠭᠡ ᠵᠠᠬ᠎ᠠ ᠳᠡᠯᠭᠡᠭᠦᠷ᠂ ᠬᠦᠷᠦᠯᠴᠡᠬᠦᠶᠢᠴᠡ ᠪᠡᠯᠡ ᠮᠥᠩᠭᠦ᠂ ᠪᠣᠯᠪᠠᠰᠤᠷᠠᠩᠭᠤᠢ ᠮᠡᠷᠭᠡᠵᠢᠯ ᠪᠠ ᠳᠥᠭᠦᠮ ᠳᠥᠲᠡ ᠨᠡᠪᠲᠡᠷᠡᠯ ᠵᠠᠮ ᠲᠠᠢ ᠪᠠᠶᠢᠵᠤ᠂ ᠬᠤᠶᠠᠷ ᠤᠯᠤᠰ ᠤᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ ᠴᠢᠨᠠᠷ ᠢᠶᠠᠷ ᠮᠠᠰᠢ ᠴᠢᠩᠭ᠎ᠠ ᠪᠠᠶᠢᠳᠠᠭ᠃

ᠡᠷᠢᠶᠡᠨ ᠬᠤᠳᠠ ᠪᠣᠯ ᠮᠠᠨ ᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠴᠡᠭ ᠪᠠ ᠮᠣᠩᠭᠤᠯ ᠯᠤᠭ᠎ᠠ ᠶᠢᠨ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠢ ᠪᠣᠭᠤᠮᠲᠠ ᠮᠦᠨ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠳᠤᠮᠳᠠ ᠵᠠᠮ ᠤᠨ ᠴᠤᠷ ᠤᠨ ᠭᠠᠭᠴᠠ ᠬᠢᠯᠢ ᠪᠠᠷ ᠥᠩᠭᠡᠷᠡᠬᠦ ᠪᠣᠭᠤᠮᠲᠠ ᠪᠣᠯᠣᠭᠰᠠᠨ ᠤ ᠬᠤᠪᠢ ᠳᠤ᠂ ᠶᠠᠫᠤᠨ ᠺᠣᠷᠢᠶᠠ᠂ ᠵᠡᠭᠦᠨ ᠡᠮᠦᠨᠡᠲᠦ ᠠᠽᠢᠶ᠎ᠠ ᠶᠢᠨ ᠡᠯ᠎ᠡ ᠤᠯᠤᠰ ᠤᠨ ᠮᠣᠩᠭᠤᠯ ᠤᠯᠤᠰ᠂ ᠤᠷᠤᠰ ᠯᠤᠭ᠎ᠠ ᠶᠢᠨ ᠪᠣᠭᠤᠮᠲᠠ ᠳᠠᠮᠵᠢᠬᠤ ᠠᠷᠠᠯᠵᠢᠶ᠎ᠠ ᠥᠷᠨᠢᠭᠦᠯᠬᠦ ᠬᠦᠰᠡᠯᠡᠩ ᠤᠨ ᠵᠠᠮ ᠪᠣᠯᠣᠨ᠎ᠠ᠂ ᠮᠥᠨ ᠴᠦ ᠮᠣᠩᠭᠤᠯ ᠤᠯᠤᠰ ᠤᠨ ᠴᠤᠷ ᠤᠨ ᠭᠠᠭᠴᠠ ᠳᠠᠯᠠᠢ ᠳᠤ ᠭᠠᠷᠬᠤ ᠪᠣᠭᠤᠮᠲᠠ ᠲᠡᠶᠢᠰᠢ ᠶᠠᠪᠤᠬᠤ ᠳᠤ ᠵᠠᠪᠠᠯ ᠥᠩᠭᠡᠷᠡᠬᠦ ᠭᠠᠵᠠᠷ ᠪᠠᠶᠢᠵᠤ᠂ ᠪᠣᠭᠤᠮᠲᠠ ᠪᠠᠷ ᠪᠠᠷᠠᠭ᠎ᠠ ᠥᠩᠭᠡᠷᠡᠭᠦᠯᠬᠦ ᠳᠤ ᠲᠤᠶᠢᠯ ᠤᠨ ᠳᠥᠭᠦᠮ ᠪᠠᠶᠢᠳᠠᠭ᠃ ᠢᠯᠠᠩᠭᠤᠶ᠎ᠠ ᠡᠷᠢᠶᠡᠨ ᠬᠤᠲᠠ ᠶᠢᠨ ᠦᠷᠭᠦᠯᠵᠢᠯᠡᠨ ᠰᠢᠯᠢᠳᠡᠭᠵᠢᠵᠦ ᠪᠠᠶᠢᠭ᠎ᠠ ᠬᠤᠳᠠᠯᠳᠤᠭᠠᠨ ᠤ ᠣᠷᠴᠢᠨ ᠨᠦᠬᠦᠴᠡᠯ᠂ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠭ᠎ᠠ ᠪᠣᠭᠤᠮᠲᠠ ᠶᠢᠨ ᠪᠠᠶᠢᠭᠤᠯᠤᠯᠲᠠ ᠨᠢ ᠡᠷᠢᠶᠡᠨ ᠬᠤᠲᠠ ᠶᠢᠨ ᠨᠡᠭᠡᠭᠡᠯᠲᠡ ᠬᠢᠵᠦ ᠰᠣᠯᠢᠯᠴᠠᠭ᠎ᠠ ᠬᠢᠬᠦ ᠠᠯᠬᠤᠴᠠ ᠶᠢ ᠲᠦᠷᠭᠡᠳᠬᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃

ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢᠨ ᠲᠠᠯᠠᠪᠠᠢ 9.03 ᠺᠦᠸᠠᠲ ᠺᠢᠯᠣᠮᠧᠲᠷ ᠪᠠᠶᠢᠵᠤ᠂ ᠡᠷᠢᠶᠡᠨ ᠬᠤᠳᠠ ᠶᠢᠨ ᠳᠤᠮᠳᠠᠳᠤ ᠮᠣᠩᠭᠤᠯ ᠤᠨ ᠬᠢᠯᠢ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠤᠨ ᠬᠤᠶᠢᠲᠤ ᠲᠠᠯ᠎ᠠ ᠳᠤ ᠪᠠᠶᠢᠷᠢᠯᠠᠵᠤ ᠪᠤᠢ᠃ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠨᠢ ᠵᠠᠬ᠎ᠠ ᠳᠡᠯᠭᠡᠭᠦᠷ᠂ ᠮᠡᠷᠭᠡᠵᠢᠯ ᠪᠠ ᠬᠥᠷᠥᠩᠭᠡ ᠶᠢᠨ ᠳᠠᠪᠠᠭᠤᠯᠢᠭ ᠲᠠᠢ ᠤᠯᠠᠨ ᠤᠯᠤᠰ ᠤᠨ ᠠᠷᠠᠯᠵᠢᠶ᠎ᠠ᠂ ᠤᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠷᠭᠠᠬᠤ ᠡᠳ᠋ᠰᠢᠭᠦᠯᠭᠡ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠬᠠᠮᠢᠶ᠎ᠠ ᠪᠦᠬᠦᠢ ᠢᠵᠢ ᠲᠦᠬᠦᠷ ᠦᠢᠯᠡᠴᠢᠯᠡᠭᠡ ᠶᠢ ᠭᠤᠣᠯᠳᠠᠯᠭ᠎ᠠ ᠲᠠᠢ ᠬᠥᠭᠵᠢᠭᠦᠯᠵᠦ᠂ ᠤᠳᠤ ᠦᠶ᠎ᠡ ᠶᠢᠨ ᠬᠢᠯᠢ ᠠᠯᠤᠰᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠪᠣᠯᠣᠨ᠎ᠠ᠃ ᠲᠣᠰ ᠤᠳᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠴᠣᠬᠤᠯᠠᠪᠤᠷᠢᠯᠠᠨ ᠪᠠᠶᠢᠭᠤᠯᠬᠤ ᠶᠢᠨ ᠬᠠᠮᠲᠤ ᠬᠠᠮᠲᠤᠷᠠᠯᠴᠠᠭᠠᠨ ᠤ ᠣᠷᠣᠨ ᠤ ᠳᠤᠮᠳᠠᠳᠤ ᠤᠯᠤᠰ ᠤᠨ ᠲᠠᠯ᠎ᠠ ᠶᠢᠨ ᠣᠷᠣᠨ ᠪᠦᠰᠡ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠵᠥᠪᠰᠢᠶᠡᠷᠡᠪᠡ᠃ ᠣᠯᠠᠨ ᠤᠯᠤᠰ ᠤᠨ ᠡᠮᠴᠢᠯᠡᠭᠡᠨ ᠤ ᠤᠷᠢᠳ ᠢᠶᠠᠷ ᠬᠡᠷᠡᠭᠵᠢᠭᠦᠯᠬᠦ ᠣᠷᠣᠨ ᠪᠠᠶᠢᠭᠤᠯᠬᠤ ᠶᠢ ᠳᠡᠮᠵᠢᠬᠦ︔ ᠬᠠᠮᠲᠤᠷᠠᠯᠴᠠᠭᠠᠨ ᠤ ᠣᠷᠣᠨ ᠤ ᠬᠢᠯᠢ ᠠᠯᠤᠰᠯᠠᠭᠰᠠᠨ ᠲᠡᠮᠦᠷ ᠵᠠᠮ ᠤᠨ ᠲᠤᠰᠬᠠᠢ ᠱᠤᠭᠤᠮ ᠢ ᠰᠤᠳᠤᠯᠤᠨ ᠲᠥᠯᠥᠪᠵᠢᠭᠦᠯᠵᠦ ᠪᠠᠶᠢᠭᠤᠯᠬᠤ ᠶᠢ ᠳᠡᠮᠵᠢᠬᠦ︔ ᠤᠯᠠᠨ ᠤᠯᠤᠰ ᠤᠨ ᠰᠣᠶᠣᠯ ᠤᠷᠠᠯᠢᠭ ᠤᠨ ᠪᠦᠲᠦᠭᠡᠯ ᠢ ᠳᠡᠯᠭᠡᠨ ᠦᠵᠡᠭᠦᠯᠬᠦ᠂ ᠦᠨ᠎ᠡ ᠬᠠᠶᠠᠯᠴᠠᠨ ᠬᠤᠳᠠᠯᠳᠤᠬᠤ᠂ ᠠᠷᠠᠯᠵᠢᠶᠠᠯᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠦᠪᠰᠢᠶᠡᠷᠡᠬᠦ︔ ᠢᠵᠢ ᠲᠦᠬᠦᠷ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠳᠡᠮᠵᠢᠬᠦ︔ ᠬᠢᠯᠢ ᠶᠢᠨ ᠭᠠᠳᠠᠨᠠᠬᠢ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠶᠢ ᠵᠥᠪᠰᠢᠶᠡᠷᠡᠬᠦ ᠵᠡᠷᠭᠡ ᠶᠢ ᠪᠠᠭᠲᠠᠭᠠᠵᠤ᠂ ᠡᠨᠡ ᠨᠢ ᠬᠠᠮᠲᠤᠷᠠᠯᠴᠠᠭᠠᠨ ᠤ ᠣᠷᠣᠨ ᠤ ᠬᠤᠶᠢᠰᠢᠳᠠ ᠶᠢᠨ ᠬᠥᠭᠵᠢᠯᠲᠡ ᠳᠤ ᠬᠦᠴᠦᠲᠡᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠨ᠎ᠠ᠃

ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠵᠥᠪᠰᠢᠶᠡᠷᠡᠯ ᠣᠯᠣᠭᠰᠠᠨ ᠶᠠᠪᠤᠳᠠᠯ ᠨᠢ ᠳᠤᠮᠳᠠᠳᠤ ᠮᠣᠩᠭᠤᠯ ᠤᠨ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠤᠶᠠᠷ ᠭᠠᠵᠠᠷ ᠤᠨ ᠪᠣᠭᠤᠮᠲᠠ ᠶᠢᠨ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠵᠦ᠂ ᠣᠷᠣᠨ ᠨᠤᠲᠤᠭ ᠤᠨ ᠬᠥᠭᠵᠢᠯᠲᠡ ᠶᠢ ᠳᠠᠶᠢᠴᠢᠯᠠᠨ᠂ ᠬᠢᠯᠢ ᠶᠢᠨ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠶᠢ ᠨᠠᠩ ᠰᠠᠶᠢᠲᠤᠷ ᠪᠡᠶᠡᠯᠡᠭᠦᠯᠵᠦ᠂ ︽ᠨᠡᠪᠲᠡᠷᠡᠯ ᠵᠠᠮ ᠤᠨ ᠠᠵᠤ ᠠᠬᠤᠢ︾ ᠶᠢ ︽ᠠᠵᠤ ᠦᠢᠯᠡᠰ ᠤᠨ ᠠᠵᠤ ᠠᠬᠤᠢ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map