ᠥᠪᠥᠷ ᠮᠣᠩᠭᠤᠯ ᠤᠨ ᠠᠩᠬᠠᠳᠠᠭᠴᠢ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠪᠠᠶᠠᠷ ᠡᠬᠢᠯᠡᠪᠡ  ᠴᠢ᠊ ᠪᠠᠲᠤ ᠣᠷᠣᠯᠴᠠᠪᠠ
ᠨᠡᠶᠢᠲᠡᠯᠡᠭᠰᠡᠨ ᠴᠠᠭ᠄
2024/5/20

    5 ᠳ᠋ᠤᠭᠠᠷ ᠰᠠᠷ᠎ᠠ ᠶᠢᠨ 19 ᠤ ᠡᠳᠦᠷ᠂ ᠭᠤᠴᠢᠨ ᠳᠥᠷᠪᠡᠳᠡᠬᠢ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠵᠢᠴᠢ ︽ᠤᠮᠠᠷᠠᠲᠤ ᠬᠢᠯᠢ ᠶᠢᠨ ᠡᠨᠡᠷᠢᠯ  ᠣᠯᠠᠨ ᠬᠡᠯᠪᠡᠷᠢᠲᠦ ᠠᠮᠢᠳᠤᠷᠠᠯ︾ ᠥᠪᠥᠷ ᠮᠣᠩᠭᠤᠯ ᠤᠨ ᠠᠩᠬᠠᠳᠠᠭᠴᠢ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠪᠠᠶᠠᠷ ᠬᠥᠬᠡᠬᠤᠲᠠ ᠳᠤ ᠡᠬᠢᠯᠡᠪᠡ᠃

    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠡᠷᠬᠢᠯᠡᠭᠴᠢ ᠴᠢ᠊ ᠪᠠᠲᠤ ᠣᠷᠣᠯᠴᠠᠪᠠ᠃

    ᠲᠤᠬᠠᠢ ᠶᠢᠨ ᠲᠠᠯᠠᠪᠤᠷ ᠲᠤ᠂ ᠥᠪᠥᠷ ᠮᠣᠩᠭᠤᠯ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠵᠢᠩᠬᠢᠨᠢ ᠪᠠᠷ ᠡᠬᠢᠯᠡᠨ ᠠᠵᠢᠯᠯᠠᠵᠤ᠂ ᠪᠥᠬᠦ ᠣᠷᠣᠨ ᠤ ᠵᠡᠮᠳᠡᠭᠴᠦᠳ ᠲᠤ ᠨᠠᠷᠢᠯᠢᠭ ᠦᠢᠯᠡᠴᠢᠯᠡᠭᠡ ᠬᠠᠩᠭᠠᠬᠤ ᠪᠣᠯᠣᠨ᠎ᠠ︔ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠥᠬᠦᠴᠡᠯ ᠳᠤ ᠨᠡᠶᠢᠴᠡᠭᠰᠡᠨ 6 ᠵᠡᠮᠳᠡᠭ ᠬᠥᠮᠥᠨ ᠣᠶᠤᠨᠲᠤ ᠮᠠᠰᠢᠨ ᠬᠥᠮᠥᠨ ᠣᠯᠪᠠ︔ ᠳᠤᠮᠳᠠᠳᠤ ᠤᠯᠤᠰ ᠤᠨ ᠵᠡᠮᠳᠡᠭᠴᠦᠳ ᠤᠨ ᠤᠷᠠᠯᠢᠭ ᠤᠨ ᠪᠦᠯᠬᠦᠮ ᠭᠤᠶᠣ ᠰᠠᠶᠢᠬᠠᠨ ᠲᠣᠭᠯᠠᠯᠲᠠ ᠭᠠᠷᠭᠠᠪᠠ᠃

ᠣᠶᠢᠯᠠᠭᠠᠭᠰᠠᠨ ᠢᠶᠠᠷ᠂ ᠪᠥᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠨᠢ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠲᠣᠭᠤᠷᠢᠨ ᠳᠤ ᠵᠡᠮᠳᠡᠭᠴᠦᠳ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠡᠮᠳᠡᠭᠴᠦᠳ ᠲᠠᠬᠢ ᠬᠠᠶᠢᠷ᠎ᠠ ᠬᠠᠯᠠᠮᠵᠢ ᠪᠠᠨ ᠳᠠᠮᠵᠢᠭᠤᠯᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map