ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/5/21


      5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

     ᠬᠤᠷᠠᠯ ᠠᠴᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡ ᠬᠦ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠡᠨᠡ ᠬᠦ ᠬᠦᠪᠴᠢ ᠶᠢ ᠴᠠᠭ ᠢᠮᠠᠭᠲᠠ ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠦ ᠰᠡᠳᠬᠢᠯᠭᠡ ᠪᠠ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠬᠡᠷᠡᠭᠵᠢᠭᠦᠯᠬᠦ ᠬᠦᠴᠦᠨ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠠᠭᠠᠯᠠᠬᠤ᠂ ᠵᠠᠰᠠᠬᠤ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠭᠵᠢᠯᠲᠡ ᠶᠢ ᠠᠳᠬᠤᠪᠠᠯ ᠬᠠᠮᠠᠭᠠᠯᠠᠯᠲᠠ ᠶᠢ ᠠᠳᠬᠤᠬᠤ ᠪᠠᠨ ᠮᠠᠷᠲᠠᠬᠤ ᠶᠢ ᠡᠷᠡᠰ ᠰᠡᠷᠭᠡᠶᠢᠯᠡᠵᠦ᠂ ᠨᠢᠭᠡ ᠲᠦᠯᠬᠢᠪᠡᠯ ᠨᠢᠭᠡ ᠬᠦᠴᠦᠯᠡᠵᠦ᠂ ᠲᠦᠯᠬᠢᠬᠦ ᠦᠭᠡᠢ ᠪᠣᠯ ᠬᠦᠳᠡᠯᠬᠦ ᠦᠭᠡᠢ ᠪᠠᠶᠢᠬᠤ ᠶᠢ ᠡᠷᠡᠰ ᠰᠡᠷᠭᠡᠶᠢᠯᠡᠵᠦ᠂ ᠨᠢᠭᠤᠷ ᠲᠠᠯ᠎ᠠ ᠬᠠᠷᠠᠬᠤ᠂ ᠰᠠᠶᠢᠨ ᠬᠦᠮᠦᠨ ᠪᠣᠯᠬᠤ᠂ ᠬᠢᠨᠠᠯᠲᠡ ᠬᠠᠮᠢᠶᠠᠷᠤᠯᠲᠠ ᠳᠤ ︽ᠠᠭᠤᠵᠢᠭᠤ ᠰᠤᠯᠠ ᠵᠥᠭᠡᠯᠡᠨ︾ ᠪᠠᠶᠢᠬᠤ ᠶᠢ ᠡᠷᠡᠰ ᠰᠡᠷᠭᠡᠶᠢᠯᠡᠵᠦ᠂ ︽ᠪᠠᠷᠤᠭ ᠲᠥᠯᠥᠪ︾᠂ ︽ᠠᠷᠭᠠᠴᠠᠭᠠᠵᠤ ᠳᠡᠶᠢᠯᠬᠦ︾ ᠣᠪᠣᠷ ᠢᠶᠠᠷ ᠴᠡᠭᠴᠡᠯᠡᠨ ᠥᠭᠡᠷᠡᠴᠢᠯᠡᠬᠦ ᠠᠵᠢᠯ ᠢ ᠠᠳᠬᠤᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠭᠰᠠᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠦᠨᠡᠨ ᠪᠤᠲᠠᠲᠠᠢ ᠠᠵᠢᠯᠯᠠᠵᠤ᠂ ᠬᠦᠴᠦᠲᠡᠢ ᠠᠷᠭ᠎ᠠ ᠬᠡᠮᠵᠢᠶ᠎ᠠ ᠠᠪᠴᠤ᠂ ᠰᠠᠮᠠᠭᠤᠨ ᠦᠵᠡᠭᠳᠡᠯ ᠢ ᠵᠠᠰᠠᠵᠤ᠂ ᠲᠤᠰᠬᠠᠢ ᠠᠵᠢᠯᠯᠠᠭ᠎ᠠ ᠦᠷᠨᠢᠭᠦᠯᠵᠦ᠂ ᠲᠣᠭᠲᠠᠭᠠᠯ ᠠᠴᠠ ᠵᠦᠷᠢᠴᠡᠨ ᠤᠰᠤ ᠠᠪᠴᠤ ᠬᠡᠷᠡᠭᠯᠡᠬᠦ᠂ ᠬᠠᠤᠯᠢ ᠪᠤᠰᠤ ᠪᠠᠷ ᠪᠣᠬᠢᠷᠳᠤᠯ ᠪᠤᠳᠠᠰ ᠭᠠᠳᠠᠭᠰᠢᠯᠠᠭᠤᠯᠬᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠨᠤᠲᠤᠭ ᠪᠡᠯᠴᠢᠭᠡᠷ ᠣᠶᠢᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠰᠣᠬᠤᠷ ᠪᠠᠯᠠᠢ ᠪᠠᠷ ︽ᠬᠤᠶᠠᠷ ᠦᠨᠳᠦᠷ ᠨᠢᠭᠡ ᠳᠣᠣᠷ᠎ᠠ︾ ᠲᠦᠷᠦᠯ ᠵᠦᠢᠯ ᠢ ᠬᠡᠷᠡᠭᠵᠢᠭᠦᠯᠬᠦ ᠵᠡᠷᠭᠡ ᠳᠣᠪᠤᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠠᠰᠠᠭᠤᠳᠠᠯ ᠢ ᠨᠢᠭᠡᠳ ᠨᠢᠭᠡ ᠪᠠᠷ ᠪᠤᠲᠠᠲᠠᠢ ᠴᠡᠭᠴᠡᠯᠡᠨ ᠰᠠᠶᠢᠵᠢᠷᠠᠭᠤᠯᠵᠤ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ᠤ ︽ᠨᠢᠭᠡᠳᠦᠭᠡᠷ ᠭᠠᠷ︾ ᠡᠷᠬᠡᠪᠰᠢ ᠦᠨᠡᠨ ᠬᠦ ᠭᠠᠷᠳᠠᠨ ᠬᠢᠵᠦ᠂ ︽ᠤᠳᠠᠭᠠᠨ᠂ ᠪᠦᠳᠦᠭᠦᠯᠢᠭ᠂ ᠬᠤᠳᠠᠯ︾ ᠪᠠᠶᠢᠬᠤ ᠠᠰᠠᠭᠤᠳᠠᠯ ᠢ ᠡᠷᠡᠰ ᠲᠡᠪᠴᠢᠵᠤ᠂ ᠱᠠᠲᠤ ᠳᠠᠷᠠᠭᠠᠯᠠᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠰᠠᠭᠤᠳᠠᠯ ᠤᠨ ᠨᠠᠷᠢᠨ ᠳᠠᠩᠰᠠ᠂ ᠠᠷᠭ᠎ᠠ ᠬᠡᠮᠵᠢᠶ᠎ᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠲᠤᠰᠬᠠᠢ ᠬᠦᠮᠦᠨ ᠬᠠᠷᠢᠭᠤᠴᠠᠵᠤ᠂ ᠲᠤᠰᠬᠠᠢ ᠵᠦᠢᠯ ᠢᠶᠠᠷ ᠱᠠᠯᠠᠪᠳᠠᠭᠤᠯᠤᠨ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ᠂ ᠣᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨ ᠤᠬᠠᠭᠤᠯᠵᠤ ᠬᠦᠲᠦᠯᠦᠨ ᠵᠢᠯᠣᠭᠤᠳᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠮᠠᠭᠠᠯᠠᠵᠤ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠨᠠᠮ ᠤᠨ ᠲᠥᠪ ᠬᠤᠷᠢᠶ᠎ᠠ ᠳᠤ ᠰᠠᠶᠢᠲᠤᠷ ᠳᠠᠩᠰᠠ ᠲᠤᠰᠢᠶᠠᠵᠤ᠂ ᠠᠷᠠᠳ ᠣᠯᠠᠨ ᠳᠤ ᠰᠠᠶᠢᠲᠤᠷ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠱᠠᠭᠠᠷᠳᠠᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠬᠤᠷᠠᠯ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map