|
2024 ᠣᠨ ᠤ ᠪᠥᠬᠦ ᠤᠯᠤᠰ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠶᠢᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠷᠠᠳᠢᠣ᠋ ᠲᠧᠯᠸᠢᠰ ᠤᠨ ᠠᠷᠠᠳ ᠲᠤ ᠠᠰᠢᠭ | ᠬᠦᠷᠲᠡᠭᠡᠬᠦ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠡᠬᠢᠯᠡᠪᠡ ᠳ᠋ᠦᠩ ᠰᠢᠨ ᠶᠠᠩ ᠶᠢᠨ ᠣᠷᠣᠯᠴᠠᠪᠠ |
|
|
ᠨᠡᠶᠢᠲᠡᠯᠡᠭᠰᠡᠨ ᠴᠠᠭ᠄
2024/5/22
|
|
5 ᠳ᠋ᠤᠭᠠᠷ ᠰᠠᠷ᠎ᠠ ᠶᠢᠨ 21 ᠤ ᠡᠳᠦᠷ᠂ 2024 ᠣᠨ ᠤ ᠪᠥᠬᠦ ᠤᠯᠤᠰ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠷᠠᠳᠢᠣ᠋ ᠲᠧᠯᠸᠢᠰ ᠤᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠳᠥᠷᠪᠡᠳ ᠬᠤᠰᠢᠭᠤᠨ ᠳᠤ ᠡᠬᠢᠯᠡᠪᠡ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠳ᠋ᠦᠩ ᠰᠢᠨ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠲᠣᠰ ᠤᠳᠠᠭᠠᠨ ᠤ ᠬᠥᠳᠡᠯᠭᠡᠭᠡᠨ ᠨᠢ ᠷᠠᠳᠢᠣ᠋ ᠲᠧᠯᠸᠢᠰ ᠤᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ᠂ ᠰᠣᠶᠣᠯ ᠤᠨ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠭᠤᠯᠭ᠎ᠠ᠂ ᠲᠠᠷᠢᠶᠠᠯᠠᠩ ᠤᠨ ᠮᠡᠷᠭᠡᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠵᠢᠷᠤᠮ ᠤᠨ ᠡᠮᠴᠢᠯᠡᠭᠡ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠵᠡᠷᠭᠡ ᠠᠭᠤᠯᠭ᠎ᠠ ᠨᠤᠭᠤᠳ ᠢ ᠪᠠᠭᠲᠠᠭᠠᠵᠤ᠂ ᠣᠯᠠᠨ ᠲᠦᠮᠡᠨ ᠢ ᠭᠡᠷ ᠤᠨ ᠬᠢᠨᠢ ᠡᠭᠦᠳᠡᠨ ᠳᠤ ᠨᠢ ᠠᠷᠠᠳ ᠲᠤ ᠠᠰᠢᠭ ᠬᠦᠷᠲᠡᠭᠡᠬᠦ ᠰᠠᠶᠢᠨ ᠦᠢᠯᠡᠴᠢᠯᠡᠭᠡ ᠶᠢ ᠡᠳ᠋ᠯᠡᠭᠦᠯᠦᠨ᠎ᠡ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|