ᠰᠦᠨ ᠱᠤᠤ ᠴᠧᠩ ᠸᠠᠩ ᠯᠢ ᠰᠢᠶᠠ ᠭᠤᠷᠪᠠᠨ ᠬᠠᠪᠴᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠸᠧᠢ ᠫᠢᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/28


      5 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠤᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠸᠧᠢ ᠫᠢᠩ ᠲᠠᠢ ᠠᠭᠤᠯᠵᠠᠪᠠ᠃


0528.jpg


0528孙绍骋王莉霞会见三峡集团董事长刘伟平2.jpg


      ᠰᠦᠨ ᠱᠤᠤ ᠴᠧᠩ ᠯᠢᠦ ᠸᠧᠢ ᠫᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠨᠥᠭᠡᠴᠡ ᠡᠨᠧᠷᠭᠢ ᠶᠢ ᠬᠥᠭᠵᠢᠭᠦᠯᠬᠦ ᠪᠠᠷ ᠵᠠᠩᠭᠢᠯᠠᠭ᠎ᠠ ᠪᠤᠯᠭᠠᠵᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠪᠣᠬᠢᠷᠳᠤᠯ ᠦᠭᠡᠢ ᠴᠠᠭᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ ᠶᠢ ᠠᠬᠢᠭᠤᠯᠵᠤ ᠪᠠᠶᠢᠨ᠎ᠠ᠃ ᠥᠪᠥᠷ ᠮᠣᠩᠭᠤᠯ ᠪᠣᠯᠣᠨ ᠭᠤᠷᠪᠠᠨ ᠬᠠᠪᠴᠢᠯ ᠤᠨ ᠪᠦᠯᠦᠭᠯᠡᠯ ᠶᠡᠷᠦ ᠠᠴᠠ ᠮᠠᠰᠢ ᠰᠠᠶᠢᠨ ᠬᠠᠮᠲᠤᠷᠠᠯᠴᠠᠵᠤ᠂ ᠢᠷᠡᠭᠡᠳᠦᠢ ᠶᠢᠨ ᠬᠠᠮᠲᠤᠷᠠᠯᠴᠠᠭᠠᠨ ᠤ ᠣᠷᠣᠨ ᠵᠠᠢ ᠮᠠᠰᠢ ᠶᠡᠭᠡ ᠪᠠᠶᠢᠨ᠎ᠠ᠃ ᠭᠤᠷᠪᠠᠨ ᠬᠠᠪᠴᠢᠯ ᠤᠨ ᠪᠦᠯᠦᠭᠯᠡᠯ ᠳᠠᠪᠠᠭᠤᠯᠢᠭ ᠢᠶᠠᠨ ᠪᠠᠳᠠᠷᠠᠭᠤᠯᠵᠤ᠂ ᠨᠥᠭᠡᠴᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠤᠯᠴᠠᠬᠤ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠨᠠᠷᠢᠨ ᠨᠢᠮᠪᠠᠢ ᠦᠢᠯᠡᠴᠢᠯᠡᠵᠦ᠂ ᠠᠵᠤ ᠠᠬᠤᠶᠢᠯᠠᠯ ᠤᠨ ᠥᠪᠥᠷ ᠮᠣᠩᠭᠤᠯ ᠳᠠᠬᠢ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃

      ᠯᠢᠦ ᠸᠧᠢ ᠫᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠳᠡᠮᠵᠢᠯᠭᠡ ᠳᠤ ᠲᠠᠯᠠᠷᠬᠠᠪᠠ᠃ ᠲᠡᠷᠡ᠂ ᠪᠢᠳᠡ ᠥᠪᠥᠷ ᠮᠣᠩᠭᠤᠯ ᠳᠤ ᠮᠠᠰᠢ ᠢᠲᠡᠭᠡᠯ ᠲᠠᠢ ᠪᠠᠶᠢᠨ᠎ᠠ᠂ ᠥᠪᠥᠷ ᠮᠣᠩᠭᠤᠯ ᠢ ᠭᠤᠷᠪᠠᠨ ᠬᠠᠪᠴᠢᠯ ᠤᠨ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ᠂ ᠬᠥᠭᠵᠢᠯᠲᠡ ᠶᠢᠨ ᠴᠢᠬᠤᠯᠠ ᠭᠠᠵᠠᠷ ᠪᠣᠯᠭᠠᠭᠰᠠᠭᠠᠷ ᠢᠷᠡᠵᠡᠶ᠂ ᠲᠠᠷᠠᠭᠠᠴᠢ ᠶᠢᠨ ᠠᠯᠬᠤᠮ ᠳᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠥᠪᠥᠷ ᠮᠣᠩᠭᠤᠯ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠨ᠂ ᠣᠷᠣᠨ ᠨᠤᠲᠤᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠳᠤ ᠭᠦᠨᠵᠡᠭᠡᠢ ᠠᠭᠤᠰᠤᠯᠴᠠᠵᠤ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠭᠤᠷᠪᠠᠨ ᠬᠠᠪᠴᠢᠯ ᠤᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠶᠡᠷᠦᠩᠬᠡᠢ  ᠳᠠᠭᠠᠭᠠᠮᠠᠯ ᠬᠠᠨ ᠵᠢᠶᠦ᠋ᠨ ᠠᠭᠤᠯᠵᠠᠯᠲᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map