ᠬᠥᠬᠡᠬᠤᠲᠠ ᠵᠡᠮᠳᠡᠭ ᠣᠶᠤᠲᠠᠳ ᠢ ᠲᠤᠰᠠᠯᠠᠬᠤ ᠠᠷᠭ᠎ᠠ ᠭᠠᠷᠭᠠᠪᠠ
ᠨᠡᠶᠢᠲᠡᠯᠡᠭᠰᠡᠨ ᠴᠠᠭ᠄
2024/6/12


      ᠬᠥᠬᠡᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠵᠡᠮᠳᠡᠭ ᠣᠶᠤᠲᠠᠳ ᠢ ᠲᠤᠰᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠲᠤᠰᠠᠯᠠᠬᠤ ᠠᠷᠭ᠎ᠠ︾ ᠭᠡᠵᠦ ᠲᠣᠪᠴᠢᠯᠠᠪᠠ︶ ᠶᠢ ᠣᠶᠢᠷ᠎ᠠ ᠳᠤ ᠳᠠᠷᠤᠮᠠᠯᠯᠠᠨ  ᠲᠠᠷᠬᠠᠭᠠᠭᠠᠳ ᠬᠡᠷᠡᠭᠵᠢᠭᠦᠯᠪᠡ᠃

      ︽ᠲᠤᠰᠠᠯᠠᠬᠤ ᠠᠷᠭ᠎ᠠ︾ ᠳᠤ᠂ ᠬᠥᠬᠡᠬᠤᠲᠠ ᠶᠢᠨ ᠡᠷᠦᠬᠡ ᠠᠮᠠ ᠲᠠᠢ᠂ ᠬᠦᠴᠦᠨ ᠪᠦᠬᠦᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠲᠠᠢ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠭᠰᠠᠨ ᠮᠥᠷᠲᠡᠭᠡᠨ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠤᠶᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠡᠳ ᠵᠢᠩᠬᠢᠨᠢ ᠪᠠᠷ ᠰᠤᠷᠤᠯᠴᠠᠵᠤ ᠪᠠᠶᠢᠭ᠎ᠠ ᠲᠤᠰᠬᠠᠢ ᠮᠡᠷᠭᠡᠵᠢᠯ ᠤᠨ ᠰᠤᠷᠤᠭᠴᠢ᠂ ᠵᠢᠩᠬᠢᠨᠢ ᠠᠩᠭᠢ ᠶᠢᠨ ᠰᠤᠷᠤᠭᠴᠢ᠂ ᠠᠰᠫᠢᠷᠠᠨᠲ ᠪᠠ ᠳ᠋ᠣᠺᠲ᠋ᠣᠷᠠᠨᠲ ᠰᠤᠷᠭᠠᠭᠤᠯᠢ ᠳᠤ ᠣᠷᠣᠭᠰᠠᠨ ᠲᠤᠬᠠᠢ ᠶᠢᠨ ᠵᠢᠯ ᠠᠴᠠ ᠪᠠᠨ ᠡᠬᠢᠯᠡᠨ᠂ ᠰᠤᠷᠭᠠᠭᠤᠯᠢ ᠶᠢᠨ ᠳᠦᠷᠢᠮ ᠶᠣᠰᠣᠭᠠᠷ᠂ ᠡᠷᠦᠬᠡ ᠠᠮᠠ ᠪᠠᠶᠢᠭ᠎ᠠ ᠭᠠᠵᠠᠷ ᠤᠨ ᠢᠶᠠᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠲᠤᠰᠠᠯᠠᠮᠵᠢ ᠭᠤᠶᠤᠴᠢᠯᠠᠵᠤ ᠪᠣᠯᠣᠨ᠎ᠠ᠃ ᠠᠰᠫᠢᠷᠠᠨᠲ᠂ ᠳ᠋ᠣᠺᠲ᠋ᠣᠷᠠᠨᠲ ᠪᠦᠷᠢ ᠶᠢ ᠵᠢᠯ ᠳᠤ 1 ᠲᠦᠮᠡᠨ ᠲᠥᠭᠦᠷᠢᠭ᠂ ᠵᠢᠩᠬᠢᠨᠢ ᠠᠩᠭᠢ ᠶᠢᠨ ᠰᠣᠷᠣᠭᠴᠢ ᠪᠦᠷᠢ ᠶᠢ ᠵᠢᠯ ᠳᠤ 8000 ᠲᠥᠭᠦᠷᠢᠭ᠂ ᠲᠤᠰᠬᠠᠢ ᠮᠡᠷᠭᠡᠵᠢᠯ ᠤᠨ ᠰᠤᠷᠤᠭᠴᠢ ᠪᠦᠷᠢ ᠶᠢ ᠵᠢᠯ ᠳᠤ 5000 ᠲᠥᠭᠦᠷᠢᠭ ᠤᠨ ᠪᠠᠷᠢᠮᠵᠢᠶ᠎ᠠ ᠪᠠᠷ ᠲᠤᠰᠠᠯᠠᠨ᠎ᠠ᠃

      ᠬᠥᠬᠡᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ︽ᠲᠤᠰᠠᠯᠠᠬᠤ ᠠᠷᠭ᠎ᠠ︾ ᠶᠢ ᠨᠡᠶᠢᠲᠡᠯᠡᠭᠰᠡᠨ ᠠᠴᠠ ᠵᠡᠮᠳᠡᠭᠴᠦᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠬᠦ ᠶᠢ ᠬᠦᠴᠦᠲᠡᠢ ᠳᠡᠮᠵᠢᠬᠦ ᠪᠠ ᠵᠣᠷᠢᠭᠵᠢᠭᠤᠯᠤᠨ᠂ ᠣᠷᠣᠨ ᠤ ᠲᠥᠪ ᠬᠤᠲᠠ ᠳᠠᠬᠢ ᠵᠡᠮᠳᠡᠭᠴᠦᠳ ᠤᠨ ᠰᠤᠷᠭᠠᠨ ᠬᠥᠮᠦᠵᠢᠯ ᠭᠥᠷᠳᠡᠬᠦ ᠲᠦᠪᠰᠢᠨ ᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠵᠡᠮᠳᠡᠭᠴᠦᠳ ᠤᠨ ᠨᠠᠩ ᠴᠢᠨᠠᠷ ᠰᠠᠶᠢᠲᠠᠢ ᠠᠵᠢᠯ ᠣᠯᠬᠤ ᠶᠢ ᠠᠬᠢᠭᠤᠯᠬᠤ ᠪᠣᠯᠣᠨ᠎ᠠ ᠬᠡᠮᠡᠵᠡᠢ᠃



ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map