|
| ᠪᠦᠬᠦ ᠣᠷᠣᠨ ᠤ ᠵᠠᠬᠢᠳᠠᠯ ᠰᠣᠷᠪᠣᠯᠵᠢᠯᠠᠯ ᠤᠨ ᠠᠵᠢᠯ ᠢ ᠠᠬᠢᠭᠤᠯᠬᠤ ᠬᠠᠤᠯᠢᠵᠢᠯ ᠤᠨ ᠬᠤᠷᠠᠯ ᠬᠤᠷᠠᠯᠳᠤᠭᠤᠯᠪᠠ ᠵᠧᠩ ᠭᠤᠸᠠᠩ ᠵᠤᠤ ᠶᠠᠷᠢᠶ᠎ᠠ ᠲᠠᠯᠪᠢᠵᠠᠢ |
|
|
ᠨᠡᠶᠢᠲᠡᠯᠡᠭᠰᠡᠨ ᠴᠠᠭ᠄
2024/6/19
|
|
6 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ 2024 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠤᠭᠴᠢ ᠵᠧᠩ ᠭᠤᠸᠠᠩ ᠵᠤᠤ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠤᠨ ᠦᠨᠡᠨ ᠬᠦ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ᠂ ᠲᠦᠷᠦ ᠶᠢᠨ ᠪᠤᠳᠤᠯᠭ᠎ᠠ ᠶᠣᠰᠣᠭᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠨᠤᠭᠤᠳ ᠢ ᠰᠢᠢᠳᠪᠦᠷᠢᠯᠡᠵᠦ᠂ ᠬᠠᠤᠯᠢᠵᠢᠯ ᠤᠨ ᠪᠣᠭᠤᠮᠲᠠ ᠶᠢ ᠰᠠᠶᠢᠲᠤᠷ ᠡᠵᠡᠮᠳᠡᠵᠦ᠂ ᠬᠠᠤᠯᠢᠵᠢᠯ ᠤᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠤᠯᠢᠵᠢᠯ ᠢ ᠭᠦᠢᠴᠡᠳᠭᠡᠬᠦ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠬᠠᠤᠯᠢᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠡᠮᠬᠢ ᠳᠢᠭᠯᠢᠮ ᠢ ᠬᠠᠮᠠᠭᠠᠯᠠᠬᠤ ᠬᠠᠤᠯᠢᠵᠢᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠵᠠᠬᠢᠳᠠᠯ ᠰᠣᠷᠪᠣᠯᠵᠢᠯᠠᠯ ᠤᠨ ᠠᠵᠢᠯ ᠤᠨ ᠬᠠᠤᠯᠢᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|