ᠰᠦᠨ ᠱᠤᠤ ᠴᠧᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾ ᠢ ᠰᠤᠳᠤᠯᠤᠨ ᠠᠬᠢᠭᠤᠯᠪᠠ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2024/6/21

 

      6 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ ᠂ ︽ ᠲᠠᠪᠤᠨ ᠶᠡᠭᠡ ᠡᠭᠦᠷᠭᠡ ︾ ᠪᠠ ︽ ᠵᠢᠷᠭᠤᠭᠠᠨ ᠢᠨᠵᠧᠨᠧᠷᠢᠩ ︾ ᠢ ᠠᠬᠢᠭᠤᠯᠵᠤ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠃

      ᠲᠤᠰᠬᠠᠢ ᠰᠡᠳᠦᠪᠲᠦ ᠬᠤᠷᠠᠯ ᠳᠡᠭᠡᠷ᠎ᠡ ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠨᠥᠬᠦᠳ ᠤᠨ ᠬᠠᠷᠢᠭᠤ ᠮᠡᠳᠡᠭᠦᠯᠦᠭᠰᠡᠨ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠤᠯᠠᠨ ᠲᠠᠢ ᠬᠠᠮᠲᠤ ᠨᠢᠭᠡᠳ ᠨᠢᠭᠡ ᠪᠠᠷ ᠰᠤᠳᠤᠯᠵᠤ ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭ᠎ᠠ ᠶᠢ ᠵᠥᠪᠳᠡᠯᠴᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ ᠃

      ᠰᠦᠨ ᠱᠤᠤ ᠴᠧᠩ ᠂ ᠵᠢᠯ ᠤᠨ ᠡᠬᠢᠨ ᠠᠴᠠ ᠨᠠᠭᠠᠰᠢ ᠂ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠢᠳᠡᠪᠬᠢᠲᠡᠢ ᠬᠥᠳᠡᠯᠦᠯᠴᠡᠨ ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ ᠂ ︽ ᠲᠠᠪᠤᠨ ᠶᠡᠭᠡ ᠡᠭᠦᠷᠭᠡ ︾ ᠶᠢᠨ ᠣᠨ ᠤ ᠡᠭᠦᠷᠭᠡ ᠶᠢ ᠬᠦᠴᠦᠲᠡᠢ ᠠᠬᠢᠭᠤᠯᠤᠨ ᠂ ︽ ᠵᠢᠷᠭᠤᠭᠠᠨ ᠢᠨᠵᠧᠨᠧᠷᠢᠩ ︾ ᠢ ᠡᠮᠬᠢ ᠵᠢᠷᠤᠮ ᠲᠠᠢ ᠬᠡᠷᠡᠭᠵᠢᠭᠦᠯᠵᠦ ᠂ ᠡᠯ᠎ᠡ ᠵᠦᠢᠯ ᠤᠨ ᠠᠵᠢᠯ ᠴᠢᠬᠤᠯᠠ ᠠᠬᠢᠴᠠ ᠲᠠᠢ ᠪᠣᠯᠤᠭᠰᠠᠨ ᠪᠥᠭᠡᠳ ᠢᠳᠡᠪᠬᠢᠲᠡᠢ ᠦᠷ᠎ᠡ ᠪᠦᠲᠦᠭᠡᠯ ᠣᠯᠵᠠᠢ ᠃ ︽ ᠲᠠᠪᠤᠨ ᠶᠡᠭᠡ ᠡᠭᠦᠷᠭᠡ ︾ ᠪᠠ ︽ ᠵᠢᠷᠭᠤᠭᠠᠨ ᠢᠨᠵᠧᠨᠧᠷᠢᠩ ︾ ᠪᠣᠯ ᠣᠷᠭᠠᠨᠢᠭ ᠪᠦᠬᠦᠯᠢ ᠴᠣᠭᠴᠠ ᠮᠥᠨ ᠂ ᠮᠠᠰᠢ ᠤᠯᠠᠨ ᠠᠵᠢᠯ ᠨᠢ ᠳᠣᠲᠣᠭᠠᠳᠤ ᠳᠠᠭᠠᠨ ᠬᠤᠯᠪᠣᠯᠳᠤᠵᠤ ᠂ ᠬᠠᠷᠢᠯᠴᠠᠨ ᠨᠥᠯᠥᠭᠡᠯᠡᠵᠦ ᠪᠠᠶᠢᠳᠠᠭ ᠂ ᠠᠬᠢᠭᠤᠯᠬᠤ ᠳᠤᠮᠳᠠ ᠪᠠᠨ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ ᠂ ᠡᠯ᠎ᠡ ᠵᠦᠢᠯ ᠤᠨ ᠡᠭᠦᠷᠭᠡ ᠶᠢ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠭᠦᠢᠴᠡᠳᠬᠡᠬᠦ ᠶᠢ ᠠᠬᠢᠭᠤᠯᠵᠤ ᠂ ᠳᠠᠩ ᠭᠠᠭᠴᠠ ᠪᠠᠷ ᠬᠢᠬᠦ ᠶᠢ ᠰᠡᠷᠭᠡᠶᠢᠯᠡᠬᠦ ᠬᠡᠷᠡᠭᠲᠡᠢ ᠃ ᠬᠤᠷᠳᠤᠴᠠ ᠶᠢ ᠲᠦᠷᠭᠡᠳᠬᠡᠨ ᠠᠬᠢᠭᠤᠯᠵᠤ ᠂ ᠪᠦᠭᠦ ᠬᠦᠴᠦᠨ ᠢᠶᠠᠷ ᠢᠶᠠᠨ ᠴᠠᠭ ᠢ ᠠᠮᠵᠢᠨ ᠂ ᠠᠬᠢᠴᠠ ᠶᠢ ᠠᠳᠬᠤᠵᠤ ᠂ ᠲᠦᠷᠭᠡᠨ ᠬᠢᠵᠦ ᠴᠢᠳᠠᠪᠠᠯ ᠲᠦᠷᠭᠡᠨ ᠬᠢᠵᠦ ᠂ ᠢᠯᠡᠭᠦᠦ ᠬᠢᠵᠦ ᠴᠢᠳᠠᠪᠠᠯ ᠢᠯᠡᠭᠦᠦ ᠬᠢᠬᠦ ᠬᠡᠷᠡᠭᠲᠡᠢ ᠃ ᠠᠬᠢᠴᠠ ᠤᠳᠠᠭᠠᠨ ᠪᠠᠶᠢᠬᠤ ᠡᠭᠦᠷᠭᠡ ᠶᠢ ᠭᠦᠨᠵᠡᠭᠡᠢ ᠰᠤᠳᠤᠯᠤᠨ ᠵᠠᠳᠠᠯᠵᠤ ᠂ ᠰᠢᠯᠲᠠᠭᠠᠨ ᠨᠢ ᠶᠠᠭᠤ ᠪᠤᠯᠬᠤ ᠂ ᠠᠷᠬᠠᠭ ᠨᠢ ᠬᠠᠮᠢᠭ᠎ᠠ ᠪᠠᠶᠢᠬᠤ ᠶᠢ ᠲᠣᠳᠣᠷᠬᠠᠶᠢᠯᠠᠵᠤ ᠂ ᠡᠪᠡᠳᠴᠢᠨ ᠳᠤᠨᠢ ᠲᠣᠬᠢᠷᠠᠭᠤᠯᠤᠨ ᠡᠮ ᠥᠭᠴᠦ ᠠᠵᠢᠯ ᠤᠨ ᠬᠤᠷᠳᠤᠴᠠ ᠶᠢ ᠲᠦᠷᠭᠡᠳᠬᠡᠬᠦ ᠬᠡᠷᠡᠭᠲᠡᠢ ᠃ ᠬᠠᠷᠢᠭᠤᠴᠠᠯᠭ᠎ᠠ ᠪᠠ ᠳᠠᠷᠤᠯᠲᠠ ᠶᠢ ᠳᠣᠷᠣᠭᠰᠢ ᠳᠠᠮᠵᠢᠭᠤᠯᠵᠤ ᠂ ᠬᠤᠰᠢᠭᠤ ᠰᠢᠶᠠᠨ ᠤ ᠵᠣᠷᠢᠭᠲᠠᠢ ᠪᠠᠷ ᠬᠠᠶᠢᠨ ᠰᠦᠪᠡᠭᠴᠢᠯᠡᠵᠦ ᠂ ᠵᠣᠷᠢᠭᠲᠠᠢ ᠬᠢᠬᠦ ᠶᠢ ᠵᠣᠷᠢᠭᠵᠢᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠃ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢᠶᠠᠷ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠂ ︽ ᠬᠦᠴᠢᠷ ᠠᠰᠠᠭᠤᠳᠠᠯ ︾ ᠢ ᠡᠷᠡᠰ ᠰᠢᠢᠳᠪᠦᠷᠢᠯᠡᠬᠦ ᠬᠡᠷᠡᠭᠲᠡᠢ ᠃ ᠦᠷ᠎ᠡ ᠳ᠋ᠦᠩ ᠤᠨ ᠤᠬᠠᠮᠰᠠᠷ ᠢᠶᠠᠨ ᠴᠢᠩᠭᠠᠳᠬᠠᠵᠤ ᠂ ᠡᠯ᠎ᠡ ᠵᠦᠢᠯ ᠤᠨ ᠡᠭᠦᠷᠭᠡ ᠶᠢ ᠡᠷᠲᠡ ᠦᠷ᠎ᠡ ᠪᠦᠲᠦᠮᠵᠢ ᠭᠠᠷᠭᠠᠬᠤ ᠂ ᠲᠦᠷᠭᠡᠨ ᠦᠷ᠎ᠡ ᠪᠦᠲᠦᠮᠵᠢ ᠭᠠᠷᠭᠠᠬᠤ ᠂ ᠣᠯᠠᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠂ ᠣᠨ ᠤ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ︽ ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠵᠤ ᠂ ︽ ᠵᠢᠷᠭᠤᠭᠠᠨ ᠢᠨᠵᠧᠨᠧᠷᠢᠩ ︾ ᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠮᠠᠰᠢ ᠤᠯᠠᠨ ᠪᠠᠶᠢᠨ᠎ᠠ ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠰᠠᠭᠤᠳᠠᠯ ᠢ ᠴᠢᠷᠮᠠᠶᠢᠨ ᠢᠯᠡᠷᠡᠭᠦᠯᠵᠦ ᠂ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ ᠂ ᠢᠯᠠᠩᠭᠤᠶ᠎ᠠ ᠥᠭᠡᠷᠡᠴᠢᠯᠡᠯᠲᠡ ᠶᠢᠨ ᠠᠷᠭ᠎ᠠ ᠪᠠ ᠲᠣᠭᠲᠠᠴᠠ ᠶᠢᠨ ᠬᠦᠴᠦᠨ ᠢ ᠬᠡᠷᠡᠭᠯᠡᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠰᠤᠷᠴᠤ ᠂ ᠥᠪᠡᠷ ᠢᠶᠠᠨ ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠢ ᠴᠠᠭ ᠲᠤᠬᠠᠢ ᠳᠤᠨᠢ ᠳᠡᠭᠡᠭᠰᠢ ᠲᠤᠰᠬᠠᠬᠤ ᠬᠡᠷᠡᠭᠲᠡᠢ ᠂ ᠠᠰᠠᠭᠤᠳᠠᠯ ᠢ ᠬᠠᠷᠠᠵᠤ ᠪᠠᠶᠢᠭᠠᠳ ᠬᠠᠶᠢᠬᠤᠷᠬᠤ ᠦᠭᠡᠢ ᠪᠠᠶᠢᠵᠤ ᠶᠠᠭᠠᠬᠢᠭᠰᠠᠨ ᠴᠤ ᠪᠤᠯᠬᠤ ᠦᠭᠡᠢ ᠭᠡᠵᠦ ᠬᠡᠯᠡᠪᠡ ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ ᠂ ᠯᠢᠦ ᠱᠤᠸᠠᠩ ᠂ ᠬᠤᠸᠠᠩ ᡁᠢ ᠴᠢᠶᠠᠩ ᠂ ᠯᠢ ᠢᠦᠢ ᠭᠠᠩ ᠂ ᠢᠦᠢ ᠯᠢ ᠰᠢᠨ ᠂ ᠪᠦᠦ ᠰᠢᠶᠠᠨ ᠬᠤᠸᠠ ᠂ ᠵᠧᠩ ᠭᠤᠸᠠᠩ ᠵᠣᠣ ᠂ ᠶᠣᠣ ᠶᠦᠩ ᠪᠦᠸᠧ ᠬᠤᠷᠠᠯ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map