|
ᠪᠡᠭᠡᠵᠢᠩ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠠᠮᠲᠤᠷᠠᠭᠰᠠᠨ ᠬᠤᠷᠠᠯ ᠤᠨ 2024 ᠣᠨ ᠤ ᠬᠤᠶᠠᠳᠤᠭᠠᠷ ᠤᠳᠠᠭ᠎ᠠ ᠶᠢᠨ | ᠬᠤᠷᠠᠯ ᠬᠤᠷᠠᠯᠳᠤᠵᠠᠢ ᠸᠧᠢ ᠰᠢᠶᠣᠣ ᠳ᠋ᠦᠩ ᠵᠠᠩ ᠶᠠᠨ ᠺᠦᠨ ᠶᠠᠷᠢᠶ᠎ᠠ ᠲᠠᠯᠪᠢᠪᠠ |
|
|
ᠨᠡᠶᠢᠲᠡᠯᠡᠭᠰᠡᠨ ᠴᠠᠭ᠄
2024/6/30
|
|
6 ᠰᠠᠷ᠎ᠠ ᠶᠢᠨ 28 ᠤ ᠡᠳᠦᠷ᠂ ᠪᠡᠭᠡᠵᠢᠩ ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠠᠮᠲᠤᠷᠠᠭᠰᠠᠨ ᠬᠤᠷᠠᠯ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠪᠡᠭᠡᠵᠢᠩ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠧᠢ ᠰᠢᠶᠣᠣ ᠳ᠋ᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠳᠡᠭᠡᠷ᠎ᠡ ᠬᠠᠭᠠᠰ ᠵᠢᠯ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠪᠠᠶᠢᠳᠠᠯ ᠢ ᠲᠠᠨᠢᠯᠴᠠᠭᠤᠯᠪᠠ᠃ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠱᠤ᠋ ᠴᠢᠶᠠᠩ᠂ ᠯᠦ ᠶᠠᠨ ᠵᠢᠴᠢ ᠨᠠᠷᠢᠨ ᠪᠢᠴᠢᠭ ᠤᠨ ᠳᠠᠷᠤᠭ᠎ᠠ ᠬᠠᠨ ᠢᠦᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠰᠦᠨ ᠵᠢᠶᠦ᠋ᠨ ᠴᠢᠩ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃ ᠬᠤᠷᠠᠯ ᠠᠴᠠ᠂ ᠬᠤᠶᠠᠷ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠡᠮᠵᠢᠯᠭᠡ ᠳᠣᠣᠷ᠎ᠠ᠂ ᠬᠤᠶᠠᠷ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠠᠳᠠᠯᠢ ᠴᠢᠭᠯᠡᠯ ᠢᠶᠠᠷ ᠬᠦᠴᠦᠯᠡᠵᠦ᠂ ᠭᠤᠣᠯᠳᠠᠯᠭ᠎ᠠ ᠲᠠᠢ ᠬᠠᠮᠲᠤᠷᠠᠯᠴᠠᠭᠠᠨ ᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠦᠷᠭᠡ ᠬᠤᠯᠪᠣᠭᠠᠰᠤ ᠪᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠴᠢᠨᠠᠷ ᠰᠠᠶᠢᠲᠠᠢ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠭᠠᠵᠠᠷ ᠣᠷᠣᠨ ᠢᠳᠡᠪᠬᠢᠲᠡᠢ ᠣᠷᠣᠯᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠢᠯ ᠤᠨ ᠠᠵᠢᠯ ᠤᠷᠤᠭᠰᠢᠲᠠᠢ ᠠᠬᠢᠵᠤ᠂ ᠢᠯᠡᠳᠲᠡ ᠠᠵᠢᠯ ᠤᠨ ᠦᠷ᠎ᠡ ᠪᠦᠲᠦᠮᠵᠢ ᠣᠯᠪᠠ᠃ ᠲᠠᠷᠠᠭᠠᠴᠢ ᠶᠢᠨ ᠠᠯᠬᠤᠮ ᠳᠤ᠂ ᠴᠢᠭᠯᠡᠯ ᠬᠠᠷᠠᠯᠲᠠ ᠶᠢ ᠨᠡᠩ ᠪᠦᠭᠦ ᠲᠠᠯ᠎ᠠ ᠪᠠᠷ᠂ ᠣᠨᠣᠴᠠᠲᠠᠢ ᠡᠵᠡᠮᠳᠡᠵᠦ᠂ ᠬᠤᠶᠠᠷ ᠭᠠᠵᠠᠷ ᠤᠨ ᠬᠠᠮᠲᠤᠷᠠᠯᠴᠠᠭ᠎ᠠ ᠪᠠᠨ ᠥᠷᠭᠡᠳᠬᠡᠨ ᠲᠡᠰ ᠳᠡᠪᠰᠢᠭᠦᠯᠬᠦ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|