ᠰᠦᠷᠯᠢᠭ᠂ ᠤᠷᠤᠭᠰᠢᠯᠠᠯᠲᠠ ᠲᠠᠢ᠂ ᠬᠤᠪᠢᠯᠤᠯ ᠲᠠᠢ᠂ ᠡᠶ᠎ᠡ ᠲᠠᠢ᠂ ᠣᠲᠣ ᠦᠶ᠎ᠡ ᠶᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ︽ᠲᠠᠪᠤᠨ ᠰᠠᠶᠢᠬᠠᠨ︾ ᠢᠶᠠᠷ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2024/6/7

      ᠠᠷᠠᠳ ᠤᠨ ᠰᠦᠯᠵᠢᠶᠡᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 7 ᠤ ᠡᠳᠦᠷ ᠤᠨ ᠮᠡᠳᠡᠭᠡ   ︽ᠶᠡᠷᠦᠩᠬᠡᠶ ᠱᠦᠵᠢ ᠶᠢᠨ ᠳᠣᠲᠣᠨᠣ ᠬᠠᠯᠠᠮᠵᠢᠯᠠᠯ ᠳᠤᠤᠷ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︿ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ﹀ ᠢ ᠲᠤᠰᠬᠠᠶᠢᠯᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠲᠣᠬᠢᠶᠠᠯ᠂ ᠲᠡᠦᠬᠡ ᠶᠢᠨ ᠲᠣᠬᠢᠶᠠᠯ ᠬᠠᠩᠭᠠᠪᠠ᠃ ᠪᠢᠳᠡ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠤᠳᠠᠭ᠎ᠠ ᠪᠦᠷᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠤᠶᠠᠷ ᠶᠡᠭᠡ ᠶᠠᠪᠤᠳᠠᠯ ᠪᠣᠯᠭᠠᠨ ᠪᠣᠯᠪᠠᠰᠤᠷᠠᠭᠤᠯᠵᠤ᠂ ᠨᠢᠭᠡ ᠨᠢ ᠶᠡᠷᠦᠩᠬᠡᠶ ᠱᠦᠵᠢ ᠶᠢᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ᠳᠠᠷᠤᠶ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠭᠠᠷᠤᠯᠢ ᠶᠢᠨ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠠᠪᠤᠳᠠᠯ︔ ᠨᠥᠭᠦᠭᠡ ᠨᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠣᠯᠣᠨ᠎ᠠ︾᠃ 6 ᠳ᠋ᠤᠭᠠᠷ ᠰᠠᠷ᠎ᠠ ᠶᠢᠨ 7 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠭᠢᠯᠡᠭᠰᠡᠨ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠢᠩᠭᠢᠵᠦ ᠢᠯᠡᠷᠬᠡᠶᠢᠯᠡᠪᠡ᠃

图片新闻.jpg

        ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠠᠯᠠᠪᠠᠢ᠃ ᠠᠷᠠᠳ ᠤᠨ ᠰᠦᠯᠵᠢᠶᠡᠨ ᠤ ᠰᠤᠷᠪᠤᠯᠵᠢᠯᠠᠭᠴᠢ ᠯᠢᠦ ᠢ ᠯᠢᠨ ᠰᠡᠭᠦᠳᠡᠷᠯᠡᠪᠡ᠃

 

      ᠥᠪᠥᠷ ᠮᠣᠩᠭᠤᠯ ᠳᠤ ᠰᠦᠷᠯᠢᠭ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠪᠣᠢ᠃ ᠥᠪᠥᠷ ᠮᠣᠩᠭᠤᠯ ᠤᠨ ᠵᠡᠭᠦᠨ ᠪᠠᠷᠠᠭᠤᠨ ᠤ ᠰᠢᠯᠤᠭᠤᠨ ᠤ ᠵᠠᠢ 2400 ᠺᠢᠯᠣᠮᠧᠲᠷ ᠪᠠᠶᠢᠵᠤ᠂ ᠮᠠᠨ ᠤ ᠤᠯᠤᠰ ᠤᠨ ᠵᠡᠭᠦᠨ ᠪᠠᠷᠠᠭᠤᠨ ᠵᠠᠢ ᠪᠠᠷ ᠬᠠᠮᠤᠭ ᠤᠨ ᠶᠡᠭᠡ ᠮᠤᠵᠢ ᠣᠷᠣᠨ ᠪᠣᠯᠤᠨ᠎ᠠ᠂ ᠨᠠᠷᠠ ᠵᠡᠭᠦᠨ ᠬᠡᠰᠡᠭ ᠤᠨ ᠬᠥᠯᠥᠨ ᠪᠤᠶᠢᠷ ᠠᠴᠠ ᠮᠠᠨᠳᠤᠭᠠᠳ᠂ ᠬᠤᠶᠠᠷ ᠴᠠᠭ ᠤᠨ ᠳᠠᠷᠠᠭ᠎ᠠ ᠰᠠᠶ᠋ᠢ ᠪᠠᠷᠠᠭᠤᠨ ᠬᠡᠰᠡᠭ ᠤᠨ ᠡᠵᠡᠨ᠎ᠡ ᠳᠤ ᠲᠣᠰᠳᠠᠭ᠃ 118 ᠲᠦᠮᠡᠨ ᠲᠡᠭᠰᠢ ᠳᠥᠷᠪᠡᠯᠵᠢᠨ ᠺᠢᠯᠣᠮᠧᠲᠷ ᠥᠷᠭᠡᠨ ᠠᠭᠤᠳᠠᠮ ᠡᠬᠡ ᠭᠠᠵᠠᠷ ᠳᠡᠭᠡᠷ᠎ᠡ᠂ ᠶᠡᠭᠡ ᠤᠢ ᠰᠢᠭᠤᠢ᠂ ᠶᠡᠭᠡ ᠲᠠᠯ᠎ᠠ ᠨᠤᠲᠤᠭ᠂ ᠶᠡᠭᠡ ᠨᠤᠭᠤ ᠭᠠᠵᠠᠷ᠂ ᠶᠡᠭᠡ ᠡᠯᠡᠰᠦᠨ ᠴᠦᠯ ᠪᠤᠢ᠃ ᠤᠯᠠᠨ ᠤ ᠴᠢᠬᠢᠨ ᠳᠤ ᠬᠠᠳᠠᠩᠰᠢᠭᠰᠠᠨ ︽ᠦᠵᠡᠰᠬᠦᠯᠡᠩᠲᠦ ᠰᠠᠶᠢᠬᠠᠨ ᠮᠢᠨᠦ ᠨᠤᠲᠤᠭ᠂ ᠥᠩᠭᠡ ᠶᠢᠨ ᠴᠡᠴᠡᠭ ᠰᠣᠯᠣᠩᠭᠠᠷᠠᠨ᠎ᠠ᠂ ᠤᠷᠠᠨ ᠪᠣᠯᠵᠣᠮᠠᠷ ᠵᠢᠷᠭᠢᠨ ᠳᠣᠩᠭᠤᠳᠤᠭᠠᠳ᠂ ᠤᠰᠤᠨ ᠪᠣᠯᠣᠷ ᠭᠤᠣᠯ ᠲᠤᠨᠤᠯᠵᠠᠨ᠎ᠠ︾ ᠭᠡᠳᠡᠭ ᠳᠠᠭᠤᠤ ᠳᠠᠷᠤᠢ ᠥᠪᠥᠷ ᠮᠣᠩᠭᠤᠯ ᠤᠨ ᠰᠦᠷᠯᠢᠭ ᠰᠠᠶᠢᠬᠠᠨ ᠦᠵᠡᠮᠵᠢ ᠶᠢᠨ ᠠᠮᠢᠳᠤ ᠵᠢᠷᠤᠭᠯᠠᠯ ᠪᠣᠯᠤᠨ᠎ᠠ᠃

      ᠥᠪᠥᠷ ᠮᠣᠩᠭᠤᠯ ᠳᠤ ᠬᠥᠭᠵᠢᠯᠲᠡ ᠶᠢᠨ ᠬᠤᠷᠳᠤᠴᠠ ᠪᠠᠨ ᠲᠦᠷᠭᠡᠳᠬᠡᠬᠦ ᠪᠠᠷ ᠴᠢᠷᠮᠠᠶᠢᠨ ᠲᠡᠮᠡᠴᠡᠭᠰᠡᠨ ᠤᠷᠤᠭᠰᠢᠯᠠᠯᠲᠠ ᠲᠠᠢ ᠰᠠᠶᠢᠬᠠᠨ ᠪᠠᠶᠢᠳᠠᠯ ᠪᠣᠢ᠃ ᠡᠨᠡ ᠬᠤᠶᠠᠷ ᠵᠢᠯ ᠳᠤ ᠥᠪᠥᠷ ᠮᠣᠩᠭᠤᠯ ᠤᠨ ᠬᠥᠭᠵᠢᠯᠲᠡ ᠶᠢᠨ ᠴᠤᠪᠤᠭ᠎ᠠ ᠲᠡᠷᠭᠡ ᠬᠤᠷᠳᠤᠴᠠ ᠪᠠᠨ ᠲᠦᠷᠭᠡᠳᠬᠡᠵᠦ᠂ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠨᠡᠮᠡᠭᠳᠡᠬᠦ ᠬᠤᠷᠳᠤᠴᠠ ᠨᠢ ᠪᠥᠬᠦ ᠤᠯᠤᠰ ᠤᠨ ᠨᠢᠭᠡᠳᠦᠭᠡᠷ ᠡᠩᠨᠡᠭᠡ ᠵᠢᠭᠰᠠᠭᠠᠯ ᠳᠤ ᠣᠷᠣᠵᠤ᠂ ᠨᠢᠳᠤᠨᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ ᠵᠡᠷᠭᠡ 3 ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠬᠦ ᠬᠤᠷᠳᠤᠴᠠ ᠨᠢ ᠴᠥᠮ ᠪᠥᠬᠦ ᠤᠯᠤᠰ ᠤᠨ ᠡᠮᠦᠨ᠎ᠡ 3 ᠳᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠬᠦ ᠬᠤᠷᠳᠤᠴᠠ ᠨᠢ ᠪᠥᠬᠦ ᠤᠯᠤᠰ ᠤᠨ 7 ᠳ᠋ᠤᠭᠠᠷ ᠲᠤ ᠣᠷᠣᠵᠤ᠂ ᠠᠯᠤᠰ ᠬᠡᠲᠦ ᠳᠤ ᠠᠰᠢᠭ ᠬᠦᠷᠲᠡᠭᠡᠬᠦ‍ ᠨᠢᠭᠡ ᠪᠦᠯᠦᠭ ᠲᠣᠮᠣ ᠲᠥᠰᠥᠯ᠂ ᠰᠠᠶᠢᠨ ᠲᠥᠰᠥᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ᠡᠨᠡ ᠵᠢᠯ ᠥᠪᠥᠷ ᠮᠣᠩᠭᠤᠯ ︽ᠵᠢᠷᠭᠤᠭᠠᠨ ᠢᠨᠵᠧᠨᠧᠷᠢᠩ︾ ᠢ ᠪᠠᠶᠢᠷᠢᠯᠠᠭᠤᠯᠤᠨ ᠠᠬᠢᠭᠤᠯᠪᠠ᠂ ᠲᠤᠬᠠᠶᠢᠯᠠᠪᠠᠯ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ᠂ ᠡᠯᠡᠰᠦᠷᠡᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠯᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠠᠶᠢᠵᠤ᠂ ᠳᠠᠷᠤᠶ ᠴᠢᠨᠠᠷ ᠰᠠᠶᠢᠲᠠᠶ ᠬᠥᠭᠵᠢᠯᠲᠡ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠲᠡᠶᠢᠰᠢ ᠲᠦᠷᠭᠡᠨ ᠤᠷᠤᠭᠰᠢᠯᠠᠬᠤ ᠶᠠᠪᠤᠳᠠᠯ ᠪᠣᠯᠤᠨ᠎ᠠ᠃

      ᠥᠪᠥᠷ ᠮᠣᠩᠭᠤᠯ ᠳᠤ ᠴᠢᠨᠠᠷ ᠰᠠᠶᠢᠲᠠᠶ ᠬᠥᠭᠵᠢᠯᠲᠡ ᠶᠢᠨ ᠬᠤᠪᠢᠯᠤᠯ ᠲᠠᠢ ᠰᠠᠶᠢᠬᠠᠨ ᠪᠠᠶᠢᠳᠠᠯ ᠪᠣᠶ᠃ ᠥᠪᠥᠷ ᠮᠣᠩᠭᠤᠯ ᠤᠨ ᠡᠳ᠋ ᠭᠠᠷᠤᠯᠲᠠ ᠲᠠᠩᠰᠤᠭ ᠪᠠᠶᠠᠯᠢᠭ ᠪᠠᠶᠢᠳᠠᠭ᠂ ᠥᠩᠭᠡᠷᠡᠭᠰᠡᠨ ᠳᠤ ︽ᠵᠡᠭᠦᠨ ᠤ ᠣᠢ ᠪᠠᠷᠠᠭᠤᠨ ᠤ ᠲᠡᠮᠦᠷ᠂ ᠡᠮᠦᠨ᠎ᠡ ᠶᠢᠨ ᠠᠮᠤ ᠤᠮᠠᠷ᠎ᠠ ᠶᠢᠨ ᠮᠠᠯ︾ ᠭᠡᠵᠦ ᠬᠡᠯᠡᠳᠡᠭ᠂ ᠦᠨᠡᠨ ᠳᠤ ᠪᠠᠨ ᠥᠪᠥᠷ ᠮᠣᠩᠭᠤᠯ ᠤᠨ ᠭᠠᠵᠠᠷ ᠳᠣᠣᠷᠠᠬᠢ᠂ ᠭᠠᠵᠠᠷ ᠳᠡᠭᠡᠷᠡᠬᠢ᠂ ᠠᠭᠠᠷ ᠲᠤ ᠴᠥᠮ ᠡᠷᠳᠡᠨᠢᠰ ᠤᠨ ᠰᠠᠩ ᠪᠠᠶᠢᠳᠠᠭ᠃ ᠭᠠᠵᠠᠷ ᠳᠣᠣᠷᠠᠬᠢ 21 ᠵᠦᠢᠯ ᠤᠨ ᠠᠭᠤᠷᠬᠠᠶ ᠶᠢᠨ ᠭᠠᠷᠤᠯᠲᠠ ᠶᠢᠨ ᠬᠠᠳᠠᠭᠠᠯᠠᠯᠲᠠ ᠶᠢᠨ ᠬᠡᠮᠵᠢᠶ᠎ᠡ ᠪᠦᠬᠦ ᠤᠯᠤᠰ ᠤᠨ ᠨᠢᠭᠡᠳᠦᠭᠡᠷ ᠲᠤ ᠪᠠᠶᠢᠷᠢᠯᠠᠵᠤ᠂ ᠤᠯᠤᠰ ᠤᠨ ︽ᠠᠭᠤᠷᠬᠠᠶ ᠶᠢᠨ ᠪᠤᠯᠠᠭᠳᠠᠴᠠ ᠶᠢᠨ ᠬᠥᠮᠥᠷᠭᠡ︾ ᠬᠡᠮᠡᠭᠳᠡᠪᠡ︔ ᠭᠠᠵᠠᠷ ᠳᠡᠭᠡᠷᠡᠬᠢ ᠲᠠᠷᠢᠶᠠᠨ ᠭᠠᠵᠠᠷ᠂ ᠲᠠᠯ᠎ᠠ ᠭᠠᠵᠠᠷ᠂ ᠣᠢ ᠰᠢᠭᠤᠶ ᠶᠢᠨ ᠲᠠᠯᠠᠪᠠᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠪᠠᠶᠢᠷᠢᠯᠠᠨ᠎ᠠ︔ ᠠᠭᠠᠷ ᠲᠤ ᠬᠢ ᠰᠠᠯᠬᠢᠨ ᠤ ᠡᠨᠧᠷᠭᠢ ᠪᠠ ᠨᠡᠷᠡᠨ ᠤ ᠡᠨᠧᠷᠭᠢ ᠶᠢ ᠨᠡᠭᠡᠭᠡᠨ ᠠᠰᠢᠭᠯᠠᠬᠤ ᠬᠡᠮᠵᠢᠶ᠎ᠡ ᠨᠢ ᠪᠦᠬᠦ ᠤᠯᠤᠰ ᠤᠨ 1᠂ 2 ᠳ᠋ᠤᠭᠠᠷ ᠲᠤ ᠪᠠᠶᠢᠷᠢᠯᠠᠨ᠎ᠠ᠃ ᠡᠳᠡᠭᠡᠷ ᠡᠯᠪᠡᠭ ᠡᠬᠢ ᠪᠠᠶᠠᠯᠢᠭ ᠤᠳ ᠪᠣᠯ ᠥᠪᠥᠷ ᠮᠣᠩᠭᠤᠯ ᠤᠨ ᠬᠥᠭᠵᠢᠯᠲᠡ ᠶᠢᠨ ᠪᠠᠲᠤ ᠰᠠᠭᠤᠷᠢ ᠮᠥᠷᠲᠡᠭᠡᠨ ᠨᠡᠩ ᠴᠤ ᠯᠤᠲᠤ ᠶᠡᠭᠡ ᠳᠠᠪᠠᠭᠤᠯᠢᠭ ᠪᠣᠯᠤᠨ᠎ᠠ᠃ ᠥᠪᠥᠷ ᠮᠣᠩᠭᠤᠯ ᠡᠬᠢ ᠪᠠᠶᠠᠯᠢᠭ ᠤᠨ ᠳᠠᠪᠠᠭᠤᠯᠢᠭ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠨ ᠰᠠᠭᠤᠷᠢᠯᠠᠨ᠂ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠭᠠᠷᠤᠯᠲᠠ ᠶᠢ ᠡᠳ᠋ᠰᠢᠭᠦᠯᠬᠦ ᠵᠡᠷᠭᠡ 8 ᠶᠡᠭᠡ ᠠᠵᠤ ᠦᠢᠯᠡᠰ ᠤᠨ ᠪᠦᠯᠦᠭᠵᠢᠯ ᠪᠠ ᠰᠠᠯᠬᠢ᠂ ᠬᠡᠷᠡᠯ᠂ ᠤᠰᠤᠲᠥ᠋ᠷᠥᠭᠴᠢ᠂ ᠨᠥᠭᠡᠴᠡ ᠵᠡᠷᠭᠡ 16 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠰᠡᠳᠬᠢᠯ ᠲᠠᠯᠪᠢᠨ ᠴᠣᠭᠴᠠᠯᠠᠵᠤ᠂ ᠨᠢᠭᠡ ᠪᠦᠯᠦᠭ ᠪᠣᠶᠢᠵᠢᠯᠲᠠ ᠶᠢᠨ ᠳᠠᠯᠳᠠ ᠬᠦᠴᠦᠨ ᠲᠠᠢ᠂ ᠬᠥᠭᠵᠢᠯᠲᠡ ᠶᠢᠨ ᠨᠥᠭᠡᠴᠡ ᠬᠦᠴᠦᠨ ᠲᠠᠢ ᠠᠵᠤ ᠦᠢᠯᠡᠰ ᠲᠠᠰᠤᠷᠠᠯᠲᠠ ᠥᠬᠡᠶ ᠪᠤᠵᠠᠭᠠᠶᠢᠷᠠᠵᠤ᠂ ᠰᠢᠨ᠎ᠡ ᠡᠨᠧᠷᠭᠢ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠯᠠᠬᠤ ᠠᠵᠤ ᠦᠢᠯᠡᠰ ᠪᠥᠬᠦ ᠤᠯᠤᠰ ᠲᠤ ᠴᠥᠮ ᠪᠠᠶᠢᠷᠢ ᠰᠠᠭᠤᠷᠢ ᠲᠠᠢ ᠪᠣᠯᠵᠣ᠂ ᠢᠯᠢ᠂ ᠮᠧᠩ ᠨᠢᠤ᠂ ᠣᠷᠳᠣᠰ ᠵᠡᠷᠭᠡ ᠨᠠᠷᠠᠲᠤ ᠲᠡᠮᠳᠡᠭ ᠨᠠᠩ ᠴᠤ ᠤᠯᠤᠰ ᠤᠨ ᠭᠠᠳᠠᠨ᠎ᠠ ᠳᠠᠭᠤᠷᠢᠰᠤᠭᠳᠠᠵᠤ᠂ ᠳᠡᠯᠡᠬᠡᠶ ᠲᠡᠶᠢᠰᠢ ᠤᠷᠤᠭᠰᠢᠯᠠᠪᠠ᠃

      ᠥᠪᠥᠷ ᠮᠣᠩᠭᠤᠯ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠡᠶ᠎ᠡ ᠲᠠᠢ ᠰᠠᠶᠢᠬᠠᠨ ᠪᠠᠶᠢᠳᠠᠯ ᠪᠣᠶ᠃ ᠠᠯᠢ ᠡᠷᠲᠡᠨ ᠠᠴᠠ ᠨᠠᠭᠠᠰᠢ᠂ ᠤᠯᠠᠨ ᠦᠨᠳᠦᠰᠦᠲᠡᠨ ᠥᠪᠥᠷ ᠮᠣᠩᠭᠤᠯ ᠤᠨ ᠥᠨᠳᠦᠷᠯᠢᠭ ᠲᠤ ᠦᠷᠡᠵᠢᠨ ᠲᠥᠯᠵᠢᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠲᠠᠢ ᠪᠠᠶᠢᠭᠰᠠᠨ ᠶᠤᠮ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 77 ᠵᠢᠯ ᠤᠨ ᠲᠤᠷᠰᠢ᠂ ᠥᠷᠭᠡᠨ ᠤᠯᠠᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠣᠯᠤᠭᠰᠠᠨ ᠪᠥᠭᠡᠳ ᠤᠷᠳᠤ ᠬᠤᠭᠤᠴᠠᠭ᠎ᠠ ᠪᠠᠷ ᠬᠠᠶᠢᠷᠠᠯᠠᠨ ᠬᠠᠮᠠᠭᠠᠯᠠᠪᠠ᠃ ᠤᠳᠤ ᠥᠪᠥᠷ ᠮᠣᠩᠭᠤᠯ ᠳᠤ 56 ᠦᠨᠳᠦᠰᠦᠲᠡᠨ ᠠᠮᠢᠳᠤᠷᠠᠨ ᠤᠨᠳᠤᠷᠴᠤ ᠪᠤᠢ᠂ ᠡᠯ᠎ᠡ ᠦᠨᠳᠦᠰᠦᠲᠡᠨ ᠤ ᠠᠷᠠᠳ ᠲᠦᠮᠡᠨ ᠨᠢᠭᠡ ᠲᠣᠰᠬᠤᠨ᠂ ᠨᠢᠭᠡ ᠨᠡᠶᠢᠭᠡᠮ ᠲᠣᠭᠤᠷᠢᠭ᠂ ᠨᠢᠭᠡ ᠠᠩᠬᠢ᠂ ᠨᠢᠭᠡ ᠠᠵᠤ ᠠᠬᠤᠶᠢᠯᠠᠯ ᠳᠤ᠂ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠨ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠵᠤ᠂ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠂ ᠦᠨᠳᠦᠰᠦᠲᠡᠨ ᠨᠦᠭᠦᠳ ᠤᠨ ᠤᠯᠠᠨ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠪᠠᠶᠢᠨ᠎ᠠ᠃

      ᠥᠪᠥᠷ ᠮᠣᠩᠭᠤᠯ ᠳᠤ ᠳᠥᠭᠦᠮ ᠳᠥᠲᠡ ᠠᠮᠢᠳᠤᠷᠠᠯ ᠢ ᠬᠠᠮᠲᠤ ᠪᠠᠷ ᠡᠳ᠋ᠯᠡᠭᠰᠡᠨ ᠣᠳᠣ ᠦᠶ᠎ᠡ ᠶᠢᠨ ᠰᠠᠶᠢᠬᠠᠨ ᠪᠠᠶᠢᠳᠠᠯ ᠪᠣᠢ᠃ ᠥᠪᠥᠷ ᠮᠣᠩᠭᠤᠯ ᠬᠡᠳᠦᠢ ᠪᠠᠷ ᠤᠮᠠᠷᠠᠲᠤ ᠬᠢᠯᠢ ᠳᠤ ᠪᠠᠶᠢᠷᠢᠯᠠᠵᠤ ᠪᠠᠶᠢᠭ᠎ᠠ ᠪᠣᠯᠪᠠᠴᠤ ᠦᠨᠳᠦᠰᠦᠲᠡᠨ ᠨᠦᠭᠦᠳ ᠤᠨ ᠠᠷᠠᠳ ᠲᠦᠮᠡᠨ ᠪᠠᠰᠠ ᠣᠳᠣᠬᠢᠴᠢᠯᠠᠭᠰᠠᠨ ᠰᠢᠨ᠎ᠡ ᠠᠮᠢᠳᠤᠷᠠᠯ ᠢ ᠡᠳ᠋ᠯᠡᠵᠦ ᠪᠠᠶᠢᠨ᠎ᠠ᠃ ᠣᠳᠣ ᠬᠥᠬᠡᠬᠤᠲᠠ᠂ ᠤᠯᠠᠭᠠᠨᠴᠠᠪ᠂ ᠤᠯᠠᠭᠠᠨᠬᠠᠳᠠ᠂ ᠲᠦᠩᠯᠢᠶᠣᠤ ᠵᠡᠷᠭᠡ ᠭᠠᠵᠠᠷ ᠤᠨ ᠲᠦᠷᠭᠡᠨ ᠤ ᠭᠠᠯᠲᠤ ᠲᠡᠷᠭᠡ ᠬᠤᠶᠠᠷ ᠴᠠᠭ ᠤᠨ ᠳᠣᠲᠣᠷ᠎ᠠ ᠪᠡᠭᠡᠵᠢᠩ ᠳᠤ ᠬᠦᠷᠴᠦ᠂ 12 ᠠᠶᠢᠮᠠᠭ ᠬᠤᠲᠠ ᠶᠢᠨ ᠪᠠᠶᠢᠭ᠎ᠠ ᠭᠠᠵᠠᠷ ᠲᠤ ᠴᠥᠮ ᠲᠦᠷᠭᠡᠨ ᠤ ᠵᠠᠰᠠᠮᠠᠯ ᠵᠠᠮ ᠨᠡᠪᠲᠡᠷᠡᠵᠦ᠂ 103 ᠬᠤᠰᠢᠭᠤ ᠰᠢᠶᠠᠨ ᠳᠤ ᠴᠥᠮ ᠨᠢᠭᠡᠳᠦᠭᠡᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠪᠡ︔ ᠦᠨᠳᠦᠰᠦᠲᠡᠨ ᠨᠦᠭᠦᠳ ᠤᠨ ᠣᠯᠠᠨ ᠲᠦᠮᠡᠨ ᠬᠢᠯᠢ ᠬᠢᠵᠠᠭᠠᠷ ᠤᠨ ᠵᠢᠵᠢᠭ ᠪᠠᠯᠭᠠᠰᠤ ᠳᠤ ᠴᠦ ᠲᠡᠷᠡ᠂ ᠬᠢᠯᠢ ᠬᠢᠵᠠᠭᠠᠷ ᠤᠨ ᠮᠠᠯᠵᠢᠬᠤ ᠣᠷᠣᠨ ᠳᠤ ᠴᠤ ᠲᠡᠷᠡ ᠴᠥᠮ ᠣᠶᠢᠷ᠎ᠠ ᠬᠠᠪᠢ ᠳᠤ ᠪᠠᠨ ᠰᠤᠷᠭᠠᠭᠤᠯᠢ ᠳᠤ ᠣᠷᠣᠵᠤ᠂ ᠡᠪᠡᠳᠴᠢᠨ ᠢᠶᠠᠨ ᠦᠵᠡᠭᠦᠯᠵᠦ ᠳᠡᠶᠢᠯᠦᠨ᠎ᠡ᠂ ᠣᠶᠤᠨᠯᠢᠭ ᠬᠡᠷ ᠤᠨ ᠴᠠᠬᠢᠯᠭᠠᠨ ᠬᠡᠷᠡᠭᠰᠡᠯ᠂ ᠥᠷᠭᠡᠨ ᠪᠦᠰᠡᠲᠦ ᠰᠦᠯᠵᠢᠶ᠎ᠡ᠂ ᠲᠦᠷᠭᠡᠨ ᠬᠦᠷᠭᠡᠯᠲᠡ ᠵᠠᠬᠢᠶᠠᠯᠠᠭ᠎ᠠ ᠶᠢᠨ ᠬᠤᠭᠤᠯᠠ ᠵᠡᠷᠭᠡ ᠨᠢ ᠨᠠᠩ ᠴᠤ ᠲᠠᠯ᠎ᠠ ᠨᠤᠲᠤᠭ ᠤᠨ ᠭᠦᠨ ᠳᠤ ᠬᠦᠷᠴᠦ᠂ ᠡᠬᠡᠯ ᠠᠷᠠᠳ ᠤᠨ ᠬᠡᠷ ᠲᠤ ᠣᠷᠣᠵᠤ᠂ ᠭᠠᠷ ᠤᠲᠠᠰᠤ ᠪᠠᠷ ᠮᠠᠯᠵᠢᠵᠤ᠂ ᠣᠬᠤᠷ ᠸᠢᠳᠢᠣ᠋ ᠰᠢᠩᠭᠡᠭᠡᠬᠦ ᠨᠢ ᠣᠲᠣ ᠮᠠᠯᠵᠢᠬᠤ ᠣᠷᠣᠨ ᠤ ᠰᠢᠨ᠎ᠡ ᠤᠷᠤᠰᠬᠠᠯ ᠪᠣᠯᠵᠠᠶ᠃

      ᠸᠠᠩ ᠯᠢ ᠰᠢᠶᠠ ᠢᠯᠡᠷᠬᠡᠶᠢᠯᠡᠭᠰᠡᠨ ᠨᠢ᠂ ᠥᠪᠥᠷ ᠮᠣᠩᠭᠤᠯ ᠣᠷᠣᠨ ᠳᠠᠶᠠᠭᠠᠷ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠠᠩᠬᠠᠷᠤᠯ ᠬᠦᠴᠦ ᠪᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠳᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠴᠡᠴᠡᠭᠯᠡᠨ ᠬᠥᠭᠵᠢᠭᠰᠡᠨ ᠦᠵᠡᠰᠬᠦᠯᠡᠩᠲᠦ ᠰᠠᠶᠢᠬᠠᠨ ᠪᠠᠶᠢᠳᠠᠯ ᠢᠯᠡᠷᠡᠪᠡ ᠭᠡᠵᠡᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map