|
ᠪᠦᠬᠦ ᠣᠷᠣᠨ ᠤ 1.29 ᠲᠦᠮᠡᠨ ᠠᠬᠠᠮᠠᠳ ᠨᠠᠮ ᠤᠨ ᠭᠡᠰᠢᠭᠦᠨ ︽ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ | ᠲᠡᠮᠳᠡᠭ ᠬᠦᠷᠲᠡᠯ᠎ᠡ |
|
|
ᠨᠡᠶᠢᠲᠡᠯᠡᠭᠰᠡᠨ ᠴᠠᠭ᠄
2024/7/1
|
|
ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢᠨ ᠲᠠᠰᠢᠷᠠᠮ ᠢᠶᠠᠷ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠬᠢᠬᠦ᠂ ᠶᠣᠰᠣᠯᠠᠯ ᠶᠠᠪᠤᠭᠳᠠᠭᠤᠯᠬᠤ᠂ ᠭᠡᠷ ᠲᠤᠨᠢ ᠬᠦᠷᠴᠦ ᠰᠣᠷᠪᠣᠯᠵᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠨᠠᠮ ᠳᠤ ᠡᠯᠰᠡᠭᠳᠡᠭᠡᠳ 50 ᠵᠢᠯ ᠪᠣᠯᠵᠤ᠂ ᠢᠮᠠᠭᠲᠠ ᠢᠯᠡᠷᠡᠯ ᠰᠠᠶᠢᠲᠠᠢ 1.29 ᠲᠦᠮᠡᠨ ᠠᠬᠠᠮᠠᠳ ᠨᠠᠮ ᠤᠨ ᠭᠡᠰᠢᠭᠦᠨ ᠳᠤ ︽ᠨᠠᠮ ᠤᠨ ᠭᠡᠰᠢᠭᠦᠨ ᠪᠣᠯᠣᠭᠰᠠᠨ ᠢᠷᠡᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠪᠠ᠃ ᠳᠤᠷᠠᠰᠬᠠᠯ ᠤᠨ ᠲᠡᠮᠳᠡᠭ ᠬᠦᠷᠲᠡᠭᠰᠡᠨ ᠠᠬᠠᠮᠠᠳ ᠨᠠᠮ ᠤᠨ ᠭᠡᠰᠢᠭᠦᠳ᠂ ︽ᠨᠠᠮ ᠤᠨ ᠭᠡᠰᠢᠭᠦᠨ ᠪᠣᠯᠣᠭᠰᠠᠨ ᠢᠷᠡᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠨᠢ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠠᠬᠠᠮᠠᠳ ᠨᠠᠮ ᠤᠨ ᠭᠡᠰᠢᠭᠦᠨ ᠳᠤ ᠥᠭᠭᠦᠭᠰᠡᠨ ᠬᠠᠶᠢᠷ᠎ᠠ ᠬᠠᠯᠠᠮᠵᠢ ᠶᠢ ᠳᠠᠮᠵᠢᠭᠤᠯᠵᠠᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠵᠤ᠂ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠨᠠᠮ ᠳᠤ ᠣᠷᠣᠬᠤ ᠲᠠᠩᠭᠠᠷᠢᠭ ᠢᠶᠠᠨ ᠦᠯᠦ ᠮᠠᠷᠲᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠤᠲᠠᠲᠤ ᠠᠵᠢᠯᠯᠠᠭ᠎ᠠ ᠪᠠᠷ ᠢᠶᠠᠨ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠶᠢ ᠦᠢᠯᠡᠳᠦᠯᠭᠡᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠠᠬᠢᠴᠠ ᠳᠤᠮᠳᠠ ᠦᠷᠭᠦᠯᠵᠢᠯᠡᠨ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠪᠡ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|