ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1


      6 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠳ᠋ ᠲᠡᠷᠢᠭᠦᠯᠡᠭᠴᠢ ᠨᠠᠷ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠨᠠᠮ ᠪᠠ ᠴᠡᠷᠢᠭ ᠠᠩᠭᠢ ᠶᠢᠨ ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠠᠴᠠ ᠰᠤᠳᠤᠯᠤᠭᠰᠠᠨ ᠰᠠᠭᠤᠭ᠎ᠠ ᠴᠡᠷᠢᠭ ᠠᠩᠭᠢ ᠶᠢᠨ ᠰᠠᠨᠠᠯ ᠳᠤᠷᠠᠳᠤᠯᠭ᠎ᠠ ᠶᠢᠨ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ᠂ ᠠᠵᠤ ᠠᠬᠤᠶᠢᠯᠠᠯ᠂ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠳᠤ ᠬᠦᠴᠦ ᠪᠠᠨ ᠲᠥᠪᠯᠡᠷᠡᠭᠦᠯᠬᠦ ᠬᠡᠷᠡᠭᠲᠡᠢ᠃ ᠳᠡᠭᠡᠷ᠎ᠡ ᠬᠠᠭᠠᠰ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠳ᠋ᠦᠩᠨᠡᠵᠦ᠂ ᠳᠣᠣᠷ᠎ᠠ ᠬᠠᠭᠠᠰ ᠵᠢᠯ ᠤᠨ ᠠᠵᠢᠯ ᠢ ᠰᠠᠶᠢᠲᠤᠷ ᠲᠥᠯᠥᠪᠵᠢᠭᠦᠯᠵᠦ᠂ ᠪᠦᠭᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠲᠦᠷᠦᠯ ᠤᠨ ᠬᠦᠷᠢᠶ᠎ᠡ ᠬᠡᠪᠴᠢᠶ᠎ᠡ ᠶᠣᠰᠣᠭᠠᠷ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ᠂ ᠢᠲᠡᠭᠡᠮᠵᠢᠲᠦ ᠵᠢᠭᠡᠯᠡᠯᠭᠡ᠂ ᠳᠠᠮ ᠬᠦᠦ ᠮᠥᠩᠭᠦ ᠵᠡᠷᠭᠡ ᠲᠦᠷᠦ ᠶᠢᠨ ᠪᠣᠳᠣᠯᠭ᠎ᠠ ᠶᠢ ᠰᠠᠶᠢᠲᠤᠷ ᠰᠤᠳᠤᠯᠤᠨ ᠬᠡᠷᠡᠭᠯᠡᠵᠦ᠂ ᠤᠯᠠᠨ ᠲᠦᠮᠡᠨ ᠤ ᠬᠡᠷᠡᠭᠯᠡᠭᠡ ᠶᠢᠨ ᠬᠠᠲᠠᠭᠤ ᠲᠠᠯᠳᠡ ᠬᠦᠴᠦᠨ ᠢ ᠠᠭᠤᠳᠠᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠲᠦᠷᠦᠯ ᠵᠦᠢᠯ ᠤᠨ ᠲᠥᠯᠦᠪᠵᠢᠭᠦᠯᠭᠡ ᠪᠠᠨ ᠴᠢᠩᠭᠠᠳᠬᠠᠵᠤ᠂ ᠲᠦᠷᠦᠯ ᠵᠦᠢᠯ ᠤᠨ ᠨᠥᠭᠡᠴᠡ ᠬᠥᠮᠥᠷᠭᠡ ᠶᠢ ᠦᠷᠭᠦᠯᠵᠢᠯᠡᠨ ᠰᠢᠨᠡᠴᠢᠯᠡᠵᠦ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠪᠡᠯᠡ ᠣᠷᠣᠭᠤᠯᠤᠯᠲᠠ ᠶᠢ ᠥᠷᠭᠡᠳᠬᠡᠵᠦ᠂ ᠣᠷᠣᠨ ᠨᠤᠲᠤᠭ ᠤᠨ ᠪᠠ ᠠᠵᠢᠯ ᠲᠦᠷᠦᠯ ᠤᠨ ᠪᠠᠷᠢᠮᠵᠢᠶ᠎ᠠ ᠶᠢ ᠰᠠᠶᠢᠲᠤᠷ ᠲᠣᠭᠲᠠᠭᠠᠵᠤ ᠵᠠᠰᠠᠪᠤᠷᠢ ᠣᠷᠣᠭᠤᠯᠬᠤ ᠬᠡᠷᠡᠭᠲᠡᠢ᠃ ᠪᠦᠭᠦ ᠤᠯᠤᠰ ᠤᠨ ᠵᠠᠬ᠎ᠠ ᠳᠡᠯᠭᠡᠭᠦᠷ ᠤᠨ ᠠᠵᠠ ᠲᠣᠭᠢᠶᠠᠯ ᠢ ᠰᠠᠶᠢᠲᠤᠷ ᠡᠵᠡᠮᠳᠡᠵᠦ᠂ ᠲᠣᠭᠲᠠᠮᠠᠯ ᠰᠣᠷᠢᠨᠵᠢᠨᠲᠤ ᠴᠠᠭᠢᠯᠭᠠᠨ ᠮᠠᠰᠢᠨ᠂ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠤᠨ ᠲᠣᠨᠣᠭᠯᠠᠯ ᠵᠡᠷᠭᠡ ᠳᠠᠪᠠᠭᠤᠯᠢᠭ ᠦᠢᠯᠡᠳᠬᠦᠨ ᠤ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠳᠤ ᠬᠤᠯᠪᠣᠭᠳᠠᠬᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠲᠣᠭᠲᠠᠴᠠ ᠪᠠᠶᠢᠭᠤᠯᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠴᠢᠩᠭ᠎ᠠ ᠠᠳᠬᠤᠨ ᠪᠣᠳᠠᠲᠠᠢ ᠠᠳᠬᠤᠵᠤ᠂ ᠭᠦᠨᠵᠡᠭᠡᠢ ᠨᠠᠷᠢᠯᠢᠭ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠂ ᠨᠠᠶᠢᠳᠠᠪᠤᠷᠢᠵᠢᠭᠤᠯᠤᠭᠰᠠᠨ ᠨᠢ ᠪᠣᠳᠠᠲᠠᠢ ᠪᠢᠰᠢ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠶᠠᠭᠠᠬᠢᠭᠰᠠᠨ ᠴᠤ ᠭᠠᠷᠭᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠬᠤ᠂ ᠰᠢᠨ᠎ᠡ ᠶᠢ ᠡᠭᠦᠳᠬᠦ ᠭᠡᠯᠪᠡᠷᠢ ᠶᠢᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠰᠤᠳᠤᠯᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map