|
ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ | ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭᠠᠨ ᠤ ᠬᠤᠷᠠᠯ ᠳᠤ ᠣᠷᠣᠯᠴᠠᠬᠤ ᠶᠢᠨ ᠬᠠᠮᠲᠤ ᠺᠠᠽᠠᠭᠰᠲ᠋ᠠᠨ᠂ ᠲᠠᠵᠢᠺᠰᠲ᠋ᠠᠨ ᠳᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠡᠭᠡᠵᠢᠩ ᠠᠴᠠ ᠮᠣᠷᠳᠠᠪᠠ |
|
|
ᠨᠡᠶᠢᠲᠡᠯᠡᠭᠰᠡᠨ ᠴᠠᠭ᠄
2024/7/2
|
|
7 ᠳ᠋ᠤᠭᠠᠷ ᠰᠠᠷ᠎ᠠ ᠶᠢᠨ 2 ᠤᠨ ᠦᠳᠡ ᠶᠢᠨ ᠡᠮᠦᠨ᠎ᠡ ᠂ ᠰᠢ ᠶᠢᠨ ᠫᠢᠩ ᠠᠰᠲ᠋ᠠᠨᠠ ᠳᠤ ᠬᠦᠷᠴᠦ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭᠠᠨ ᠤ ᠬᠤᠷᠠᠯ ᠳᠤ ᠣᠷᠣᠯᠴᠠᠬᠤ ᠪᠠᠷ ᠲᠤᠰᠬᠠᠢ ᠨᠢᠰᠬᠡᠯ ᠢᠶᠠᠷ ᠪᠡᠭᠡᠵᠢᠩ ᠠᠴᠠ ᠮᠣᠷᠳᠠᠵᠤ ᠂ ᠪᠦᠬᠦᠳᠡ ᠨᠠᠶᠢᠷᠠᠮᠳᠠᠬᠤ ᠺᠠᠽᠠᠭᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠂ ᠪᠦᠬᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠶᠡᠷᠦᠩᠬᠡᠶᠢᠯᠡᠭᠴᠢ ᠯᠠᠾᠧᠮᠧᠩ ᠤᠨ ᠤᠷᠢᠯᠭ᠎ᠠ ᠪᠠᠷ ᠬᠤᠶᠠᠷ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠣᠯᠪᠠ ᠃ ᠰᠢ ᠶᠢᠨ ᠫᠢᠩ ᠳᠤ ᠪᠠᠷ᠎ᠠ ᠪᠣᠯᠣᠭᠰᠠᠳ ᠲᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠠᠷ ᠪᠤᠢ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|