|
ᠰᠢ ᠶᠢᠨ ᠫᠢᠩ ᠠᠦ᠋ᠰᠲᠷᠠᠯᠢᠶ᠎ᠠ ᠶᠢᠨ ᠰᠢᠨ᠎ᠡ ᠪᠠᠷ ᠲᠤᠰᠢᠶᠠᠯ ᠳᠤ ᠭᠠᠷᠤᠭᠰᠠᠨ ᠪᠦᠭᠦᠳᠠ ᠶᠢ ᠵᠠᠬᠢᠷᠤᠭᠴᠢ ᠰᠠᠶᠢᠳ ᠮᠦᠸᠧᠰᠲ᠋ᠢᠨ ᠳᠤ ᠪᠠᠶᠠᠷ ᠤᠨ ᠴᠠᠭᠢᠯᠭᠠᠨ | ᠴᠢᠮᠡᠭᠡ ᠶᠠᠪᠤᠭᠤᠯᠪᠠ |
|
|
ᠨᠡᠶᠢᠲᠡᠯᠡᠭᠰᠡᠨ ᠴᠠᠭ᠄
2024/7/2
|
|
ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 1 ᠤ ᠴᠠᠭᠢᠯᠭᠠᠨ ᠮᠡᠳᠡᠭᠡ 7 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠠᠮᠠᠨᠱᠠ• ᠮᠦᠸᠧᠰᠲ᠋ᠢᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠠᠦ᠋ᠰᠲᠷᠠᠯᠢᠶ᠎ᠠ ᠶᠢᠨ ᠪᠦᠭᠦᠳᠠ ᠶᠢ ᠵᠠᠬᠢᠷᠤᠭᠴᠢ ᠰᠠᠶᠢᠳ ᠪᠣᠯᠤᠭᠰᠠᠨ ᠳᠤ ᠪᠠᠶᠠᠷ ᠬᠦᠷᠭᠡᠪᠡ᠃ ᠰᠢ ᠶᠢᠨ ᠫᠢᠩ᠂ ᠳᠤᠮᠳᠠᠳᠤ ᠠᠦ᠋ᠰᠲᠷᠠᠯᠢᠶ᠎ᠠ ᠪᠣᠯ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ᠂ ᠴᠥᠮ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠴᠢᠬᠤᠯᠠ ᠪᠦᠷᠢᠯᠳᠦᠭᠦᠨ ᠪᠠ ᠳᠡᠯᠡᠬᠡᠢ ᠶᠢᠨ ᠣᠯᠠᠨ ᠲᠤᠶᠢᠯᠰᠢᠷᠠᠯᠲᠠ ᠶᠢᠨ ᠶᠠᠪᠤᠴᠠ ᠳᠠᠬᠢ ᠴᠢᠬᠤᠯᠠ ᠬᠦᠴᠦᠨ ᠮᠥᠨ᠃ ᠡᠷᠡᠭᠦᠯ ᠲᠣᠭᠲᠠᠭᠤᠨ ᠢᠶᠠᠷ ᠬᠥᠭᠵᠢᠭᠰᠡᠨ ᠳᠤᠮᠳᠠᠳᠤ ᠠᠦ᠋ᠰᠲᠷᠠᠯᠢᠶ᠎ᠠ ᠶᠢᠨ ᠬᠠᠷᠢᠯᠴᠠᠭ᠎ᠠ ᠨᠢ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ ᠠᠯᠤᠰ ᠭᠡᠳᠦ ᠶᠢᠨ ᠠᠰᠢᠭ ᠲᠤᠰᠠ ᠳᠤ ᠨᠡᠶᠢᠴᠡᠬᠦ ᠪᠥᠭᠡᠳ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠠᠰᠢᠭᠲᠠᠢ ᠶᠤᠮ᠃ ᠪᠢ ᠳᠤᠮᠳᠠᠳᠤ ᠠᠦ᠋ᠰᠲᠷᠠᠯᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠠᠦ᠋ᠰᠲᠷᠠᠯᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠬᠦ ᠵᠠᠷᠴᠢᠮ ᠶᠣᠰᠣᠭᠠᠷ᠂ ᠨᠠᠩ ᠪᠣᠯᠪᠠᠰᠤᠷᠠᠩᠭᠤᠢ ᠲᠣᠭᠲᠠᠭᠤᠨ᠂ ᠨᠠᠩ ᠦᠷ᠎ᠡ ᠪᠦᠲᠦᠭᠡᠯ ᠰᠠᠶᠢᠲᠠᠢ ᠳᠤᠮᠳᠠᠳᠤ ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|