ᠸᠠᠩ ᠰᠢᠶᠤᠤ ᠲᠢᠶᠧ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠶᠤᠯᠭᠦᠶ ᠦᠢᠯᠡᠳᠪᠦᠷᠢᠯᠡᠯ᠂ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/2/26
W020240226321488573596.jpg
  2 ᠳ᠋ᠤᠭᠠᠷ ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ ᠪᠦᠯᠬᠦᠮ ᠳᠠᠭᠠᠭᠤᠯᠤᠨ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ᠂ ᠠᠮᠤᠷ ᠲᠦᠪᠰᠢᠨ ᠨᠡᠪᠲᠡᠷᠡᠭᠦᠯᠭᠡ ᠶᠢᠨ ᠪᠠᠲᠤᠯᠠᠭ᠎ᠠ ᠶᠢᠨ ᠠᠵᠢᠯ ᠢ ᠪᠠᠶᠢᠴᠠᠭᠠᠨ ᠵᠢᠯᠣᠭᠤᠳᠪᠠ᠃ ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠬᠥᠯᠥᠨ ᠪᠤᠶᠢᠷ ᠤᠨ ᠬᠤᠪᠢᠶᠠᠷᠢ ᠺᠣᠮᠫᠠᠨᠢ ᠵᠡᠷᠭᠡ ᠭᠤᠤᠯᠳᠠᠯᠭ᠎ᠠ ᠲᠠᠢ ᠪᠠᠲᠤᠯᠠᠭ᠎ᠠ ᠶᠢᠨ ᠨᠢᠭᠡᠴᠢ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠲᠣᠪᠴᠢᠶ᠎ᠠ ᠶᠢᠨ ᠬᠠᠷᠢᠶ᠎ᠠ ᠬᠡᠰᠡᠭ ᠥᠷᠲᠡᠭᠡ ᠳᠤ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠬᠢᠵᠦ᠂ ᠬᠠᠷᠪᠤᠯᠲᠠ ᠶᠢᠨ ᠮᠠᠰᠢᠨ ᠤ ᠥᠷᠥᠭᠡ᠂ ᠴᠠᠬᠢᠯᠭᠠᠨ ᠭᠠᠷᠭᠠᠬᠤ ᠮᠠᠰᠢᠨ ᠤ ᠥᠷᠥᠭᠡ᠂ ᠠᠲ᠋ᠢᠨ᠎ᠠ ᠶᠢᠨ ᠳᠠᠮᠵᠢᠭᠤᠯᠤᠭᠠᠰᠤ ᠶᠢᠨ ᠲᠠᠯᠠᠪᠤᠷ ᠵᠢᠴᠢ ᠲᠡᠮᠦᠷ ᠰᠤᠪᠤᠷᠭ᠎ᠠ ᠵᠡᠷᠭᠡ ᠭᠤᠤᠯᠳᠠᠯᠭ᠎ᠠ ᠲᠠᠢ ᠬᠡᠰᠡᠭ ᠢ ᠪᠠᠶᠢᠴᠠᠭᠠᠨ ᠦᠵᠡᠵᠦ᠂ ᠭᠠᠯ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠬᠠᠩᠭᠠᠬᠤ ᠪᠠ ᠲᠦᠭᠡᠭᠡᠬᠦ ᠪᠠᠲᠤᠯᠠᠭ᠎ᠠ᠂ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠪᠠᠶᠢᠴᠠᠭᠠᠵᠤ᠂ ᠲᠤᠬᠠᠶ ᠶᠢᠨ ᠲᠠᠯᠠᠪᠤᠷ ᠲᠤ ᠡᠯ᠎ᠡ ᠭᠤᠭᠴᠤᠭ᠎ᠠ ᠶᠢᠨ ᠠᠵᠢᠯᠯᠠᠭᠠᠨ᠂ ᠵᠢᠵᠢᠭᠦᠷᠯᠡᠨ ᠰᠠᠬᠢᠬᠤ᠂ ᠡᠭᠡᠯᠵᠢ ᠲᠤᠰᠢᠶᠠᠵᠤ ᠭᠥᠯᠢᠶᠡᠨ ᠠᠪᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠭᠰᠠᠨ ᠵᠢᠴᠢ ᠰᠣᠷᠢᠯᠲᠠ ᠶᠢᠨ ᠪᠠᠶᠢᠳᠠᠯ ᠢ ᠠᠰᠠᠭᠤᠨ ᠯᠠᠪᠯᠠᠵᠤ᠂ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠪᠠᠨ ᠪᠠᠲᠤ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠢ ᠪᠣᠯᠭᠤᠭᠠᠨ ᠲᠣᠬᠤᠨᠢᠭᠤᠯᠪᠠ᠃  ᠸᠠᠩ ᠰᠢᠶᠤᠤ ᠲᠢᠶᠧ ᠴᠢᠬᠤᠯᠠᠴᠢᠯᠠᠭᠰᠠᠨ ᠨᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠬᠦ ᠭᠡᠵᠦ ᠪᠠᠶᠢᠭ᠎ᠠ ᠲᠠᠰᠢᠷᠠᠮ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠶᠡᠭᠡ ᠠᠮᠤᠷ ᠲᠦᠪᠰᠢᠨ︾ ᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠵᠢᠵᠢᠭᠦᠷᠯᠡᠨ ᠰᠠᠬᠢᠬᠤ ᠬᠥᠮᠦᠰ ᠢ ᠰᠢᠨᠵᠢᠯᠡᠬᠦ ᠤᠬᠠᠭᠠᠨᠴᠢ ᠪᠠᠷ᠂ ᠣᠨᠣᠪᠴᠢᠲᠠᠶ ᠪᠠᠷ ᠳᠣᠭᠢᠷᠠᠭᠤᠯᠵᠤ᠂ ᠬᠥᠮᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ ᠷᠠᠳᠢᠣ᠋ ᠲᠧᠯᠸᠢᠰ ᠤᠨ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃  ︵ᠠᠮᠤᠷ ᠲᠥᠪᠰᠢᠨ ᠳᠠᠮᠵᠢᠭᠤᠯᠭ᠎ᠠ ᠶᠢᠨ ᠪᠠᠲᠤᠯᠠᠭ᠎ᠠ ᠶᠢᠨ ᠭᠠᠵᠠᠷ᠂   ᠳᠠᠮᠵᠢᠭᠤᠯᠭ᠎ᠠ ᠰᠠᠴᠤᠷᠠᠭᠤᠯᠭ᠎ᠠ ᠶᠢᠨ ᠲᠥᠪ ᠤᠨ ᠬᠥᠯᠦᠨ ᠪᠥᠢᠷ ᠤᠨ ᠲᠥᠪ ᠬᠤᠷᠢᠶ᠎ᠠ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map