ᠮᠠᠨ ᠤ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠤᠯᠠᠮᠵᠢᠯᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/16
  3 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ ᠲᠣᠪᠴᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠤᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠢ ᠵᠠᠷᠯᠠᠨ ᠮᠡᠳᠡᠭᠳᠡᠭᠰᠡᠨ ᠪᠥᠭᠡᠳ ᠬᠤᠯᠪᠤᠭᠳᠠᠯ ᠪᠥᠬᠦᠶ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠠ︔ ᠬᠤᠷᠠᠯ ᠳᠡᠭᠡᠷ᠎ᠡ ᠪᠠᠰᠠ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠶ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠪᠠ ᠥᠪᠡᠷᠲᠡᠭᠡᠨ ᠵᠠᠰᠠᠬᠤ ᠣᠷᠣᠨ ᠤ ᠲᠠᠪᠢᠨ ᠭᠤᠷᠪᠠᠨ ᠵᠣᠷᠪᠤᠰ ᠪᠣᠳᠠᠲᠠᠶ ᠠᠷᠭ᠎ᠠ ᠬᠡᠮᠵᠢᠶ᠎ᠡ ᠶᠢ ᠰᠤᠷᠤᠯᠴᠠᠪᠠ᠃  ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠳᠡᠯ ᠤᠨ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠢ ᠬᠤᠷᠢᠭᠯᠠᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠭᠠᠵᠠᠷ ᠲᠠᠰᠤᠭ᠂ ᠡᠯ᠎ᠡ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠤᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠷᠠᠳᠢᠣ᠋ ᠲᠧᠯᠸᠢᠰ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠮᠥᠨ ᠴᠢᠨᠠᠷ ᠤᠨ ᠠᠮᠤᠷ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃  ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠬᠤᠯᠪᠤᠭᠳᠠᠯ ᠪᠦᠬᠦᠢ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠰᠤᠳᠤᠯᠤᠨ ᠨᠠᠶᠢᠳᠠᠪᠤᠷᠢᠵᠢᠭᠤᠯᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠵᠢᠯᠯᠠᠭᠠᠨ ᠤ ᠲᠥᠰᠦᠯ ᠢ ᠡᠭᠦᠷᠭᠡ ᠶᠢᠨ ᠨᠠᠷᠢᠨ ᠬᠠᠭᠤᠳᠠᠰᠤ ᠪᠣᠯᠭᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠭᠦᠷᠭᠡ ᠨᠢᠭᠡᠪᠦᠷᠢ ᠶᠢ ᠨᠠᠷᠢᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠲᠣᠬᠢᠷᠠᠭᠤᠯᠤᠨ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤ ᠨᠢ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠣᠶ ᠪᠣᠯᠭᠠᠨ᠂ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃︵ᠠᠶᠤᠯᠭᠦᠢ ᠳᠠᠮᠵᠢᠭᠤᠯᠭ᠎ᠠ ᠶᠢᠨ ᠪᠠᠲᠤᠯᠠᠭ᠎ᠠ ᠶᠢᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map