ᠮᠠᠨ ᠤ ᠲᠣᠪᠴᠢᠶ᠎ᠠ ᠪᠥᠬᠦ ᠣᠷᠣᠨ ᠤ ᠪᠠᠭᠤᠳᠠᠯ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠲᠧᠯᠸᠢᠰ ᠤᠨ ᠠᠵᠢᠯᠯᠠᠭᠠᠨ ᠤ ᠨᠠᠷᠢᠨ ᠪᠤᠳᠤᠯᠢᠶᠠᠨ ᠢ ᠲᠤᠰᠬᠠᠶ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/25
  4 ᠳ᠋ᠦ᠋ᠭᠡᠷ ᠰᠠᠷ᠎ᠠ ᠶᠢᠨ 24 ᠤ ᠡᠳᠦᠷ᠂ ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠠᠢ ᠬᠠᠮᠲᠤᠷᠠᠨ ᠪᠥᠬᠦ ᠣᠷᠣᠨ ᠤ ᠪᠠᠭᠤᠳᠠᠯ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠲᠧᠯᠸᠢᠰ ᠤᠨ ᠠᠵᠢᠯᠯᠠᠭᠠᠨ ᠤ ᠨᠠᠷᠢᠨ ᠪᠤᠳᠤᠯᠢᠶᠠᠨ ᠢ ᠲᠤᠰᠬᠠᠶ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠰᠢᠶᠤᠤ ᠲᠢᠶᠧ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
(工作动态).jpg
  ᠬᠤᠷᠠᠯ ᠠᠴᠠ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠭᠤᠳᠠᠯ ᠤᠨ ᠲᠧᠯᠸᠢᠰ ᠤᠨ ᠠᠵᠢᠯᠯᠠᠭᠠᠨ ᠤ ᠨᠠᠷᠢᠨ ᠪᠤᠳᠤᠯᠢᠶᠠᠨ ᠢ ᠲᠤᠰᠬᠠᠶ ᠵᠠᠰᠠᠯᠲᠠ ᠶᠢᠨ ᠪᠣᠳᠠᠲᠠᠶ ᠱᠠᠭᠠᠷᠳᠠᠯᠭ᠎ᠠ ᠶᠢ ᠤᠯᠠᠮᠵᠢᠯᠠᠪᠠ᠃ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠤᠯᠠᠭᠠᠨᠬᠠᠳᠠ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠥᠬᠡᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠤᠷᠢᠳ ᠬᠤᠵᠢᠳ ᠦᠭᠡ ᠬᠡᠯᠡᠪᠡ᠃  ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠵᠠᠰᠠᠯᠲᠠ ᠶᠢᠨ ᠠᠵᠢᠯ ᠪᠣᠯ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠬᠦ ᠤᠯᠤᠰ ᠲᠦᠷᠦ ᠶᠢᠨ ᠢᠨᠵᠧᠨᠧᠷᠢᠩ ᠮᠥᠨ᠂ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠤᠯᠠᠨ ᠲᠦᠮᠡᠨ ᠤ ᠠᠩᠬᠠᠷᠴᠤ ᠪᠠᠶᠢᠭ᠎ᠠ ᠶᠢ ᠬᠠᠷᠢᠭᠤ ᠲᠤᠰᠬᠠᠬᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠷᠠᠳᠢᠣ᠋ ᠲᠧᠯᠸᠢᠰ ᠤᠨ ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠬᠥᠭᠵᠢᠯᠲᠡ ᠶᠢ ᠠᠬᠢᠭᠤᠯᠬᠤ ᠶᠠᠰᠤ ᠴᠢᠨᠠᠷ ᠤᠨ ᠢᠨᠵᠧᠨᠧᠷᠢᠩ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠢ᠃ ᠬᠤᠶᠠᠷ ᠲᠤ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠧᠯᠸᠢᠰ ᠨᠡᠭᠡᠭᠡᠵᠦ ᠰᠢᠭᠤᠳ ᠨᠡᠪᠲᠡᠷᠡᠭᠦᠯᠭᠡ ᠦᠵᠡᠬᠦ ᠶᠢ ᠲᠤᠰᠬᠠᠢ ᠵᠠᠰᠠᠯᠲᠠ ᠶᠢᠨ ᠠᠵᠢᠯ ᠤᠨ ᠲᠡᠷᠢᠭᠦᠨ ᠴᠢᠬᠤᠯᠠ ᠬᠠᠷᠠᠯᠲᠠ ᠪᠣᠯᠭᠠᠵᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠷᠡᠭᠵᠢᠭᠦᠯᠬᠦ ᠭᠤᠣᠯ ᠴᠣᠭᠴᠠ ᠶᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠲᠡᠮᠡᠴᠡᠨ ᠣᠯᠵᠤ᠂ ᠵᠠᠰᠠᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ᠃ ᠭᠤᠷᠪᠠ ᠳᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ᠬᠡᠮᠵᠢᠶᠡᠵᠢᠭᠦᠯᠦᠭᠰᠡᠨ ᠡᠬᠡ ᠲᠠᠩᠰᠠ ᠲᠣᠭᠲᠠᠭᠠᠵᠤ᠂ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠲᠥᠯᠥᠪᠯᠡᠭᠡ ᠶᠣᠰᠣᠭᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠤᠰᠬᠠᠶ ᠵᠠᠰᠠᠯᠲᠠ ᠶᠢᠨ ᠠᠵᠢᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃  ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭᠠᠨ ᠤ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ 160 ᠰᠢᠬᠠᠮ ᠬᠥᠮᠦᠨ ᠬᠤᠷᠠᠯ ᠳᠤ ᠣᠷᠣᠯᠴᠠᠪᠠ᠃︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ︶ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map