| | | | | | ᠣᠶᠢᠷ᠎ᠠ ᠳᠤ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠨ ︽2024 ᠣᠨ ᠤ ᠲᠣᠭᠠᠴᠢᠯᠠᠭᠰᠠᠨ | ᠬᠥᠳᠡᠭᠡ ᠲᠣᠰᠬᠤᠨ ᠤ ᠬᠥᠭᠵᠢᠯᠲᠡ ᠶᠢᠨ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠲᠠᠷᠬᠠᠭᠠᠪᠠ᠃ | ︽ᠠᠵᠢᠯ ᠤᠨ ᠭᠤᠤᠯᠳᠠᠯᠭ᠎ᠠ︾ ᠳᠤ ᠠᠵᠢᠯ ᠤᠨ ᠬᠠᠷᠠᠯᠲᠠ ᠶᠢ ᠲᠣᠳᠣᠷᠬᠠᠶᠢᠯᠠᠪᠠ᠄ 2024 ᠣᠨ ᠤ ᠡᠴᠦᠰ ᠪᠣᠯᠬᠤ ᠳᠤ᠂ ᠲᠣᠭᠠᠴᠢᠯᠠᠭᠰᠠᠨ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢ ᠦᠨᠡᠨ ᠪᠣᠳᠠᠲᠠᠶ ᠠᠬᠢᠴᠠ ᠲᠠᠢ ᠪᠣᠯᠭᠠᠨ᠎ᠠ᠃ ᠲᠣᠭᠠᠴᠢᠯᠠᠭᠰᠠᠨ ᠮᠡᠷᠭᠡᠵᠢᠯ ᠤᠨ ᠪᠠᠲᠤᠯᠠᠭ᠎ᠠ ᠪᠠᠷ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ | ᠨᠡᠩ ᠬᠦᠴᠦᠲᠡᠢ ᠪᠣᠯᠭᠠᠨ᠎ᠠ ᠃ ᠬᠥᠳᠡᠭᠡ ᠲᠣᠰᠬᠤᠨ ᠤ ᠥᠷᠭᠡᠨ ᠪᠦᠰᠡᠲᠦ ᠰᠦᠯᠵᠢᠶ᠎ᠡ ᠶᠢᠨ ᠵᠠᠯᠭᠠᠨ ᠣᠷᠤᠭᠤᠯᠬᠤ ᠬᠡᠷᠡᠭᠯᠡᠭᠴᠢ ᠶᠢᠨ ᠲᠤᠭ᠎ᠠ 2 ᠳ᠋ᠦᠩᠰᠢᠭᠤᠷ ᠢ | ᠳᠠᠪᠠᠭᠤᠯᠵᠤ᠂ ᠬᠥᠳᠡᠭᠡ ᠲᠣᠰᠬᠤᠨ ᠤ ᠭᠠᠵᠠᠷ ᠣᠷᠣᠨ ᠤ ᠢᠨᠲ᠋ᠧᠷ ᠰᠦᠯᠵᠢᠶᠡᠨ ᠤ ᠲᠥᠭᠡᠮᠡᠯᠵᠢᠯ ᠤᠨ ᠨᠣᠷᠮ᠎ᠠ ᠶᠢ 2 ᠵᠠᠭᠤᠨ ᠤ ᠨᠢᠭᠡᠴᠢ ᠳᠡᠭᠡᠭᠰᠢᠯᠡᠭᠦᠯᠦᠨ᠂ | ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠰᠦᠯᠵᠢᠶᠡᠨ ᠤ ᠵᠢᠵᠢᠭᠯᠡᠨ ᠬᠤᠳᠠᠯᠳᠤᠬᠤ ᠲᠤᠭ᠎ᠠ 6300 ᠳ᠋ᠦᠩᠰᠢᠭᠤᠷ ᠲᠥᠭᠦᠷᠢᠭ ᠢ | ᠳᠠᠪᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠮᠡᠳᠡᠭᠡ ᠵᠠᠩᠭᠢᠴᠢᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠢᠭᠡ ᠪᠦᠯᠦᠭ | ᠲᠠᠷᠢᠶᠠᠯᠠᠩ ᠬᠥᠳᠡᠭᠡ ᠲᠣᠰᠬᠤᠨ ᠢ ᠣᠶᠢᠯᠠᠭᠠᠬᠤ ᠮᠥᠷᠲᠡᠭᠡᠨ ᠲᠣᠭᠠᠴᠢᠯᠠᠭᠰᠠᠨ ᠮᠡᠷᠭᠡᠵᠢᠯ ᠢ ᠣᠶᠢᠯᠠᠭᠠᠬᠤ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ | ᠬᠥᠮᠦᠵᠢᠭᠦᠯᠵᠦ᠂ ᠨᠢᠭᠡ ᠪᠦᠯᠦᠭ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ᠂ ᠳᠠᠶᠢᠴᠢᠯᠠᠬᠤ ᠴᠢᠨᠠᠷ ᠢᠶᠠᠷ ᠥᠷᠭᠡᠨ ᠲᠣᠭᠠᠴᠢᠯᠠᠭᠰᠠᠨ ᠬᠡᠷᠡᠭᠯᠡᠭᠡᠨ ᠤ ᠪᠠᠶᠢᠳᠠᠯ ᠢ ᠪᠣᠶ | ᠪᠣᠯᠭᠠᠵᠤ᠂ ᠨᠢᠭᠡ ᠪᠦᠯᠦᠭ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠣᠭᠠᠯᠠᠨ ᠬᠥᠳᠡᠯᠦᠯᠴᠡᠭᠰᠡᠨ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ | ᠪᠣᠳᠠᠲᠤ ᠶᠠᠪᠤᠳᠠᠯ ᠪᠣᠯᠭᠠᠨ ᠡᠷᠭᠢᠯᠡᠬᠦ ᠠᠵᠢᠯ ᠢ ᠰᠠᠶᠢᠲᠤᠷ ᠠᠳᠬᠤᠨ᠎ᠠ᠃ | ︽ᠠᠵᠢᠯ ᠤᠨ ᠭᠤᠣᠯᠳᠠᠯᠭ᠎ᠠ︾ ᠳᠤ 9 ᠲᠠᠯ᠎ᠠ ᠶᠢᠨ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠄ ᠨᠢᠭᠡ ᠳᠤ᠂ ᠲᠣᠭᠠᠴᠢᠯᠠᠭᠰᠠᠨ | ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠤᠶᠠᠷ ᠲᠤ᠂ ᠲᠣᠭᠠᠴᠢᠯᠠᠯᠲᠠ ᠪᠠᠷ ︽ᠬᠤᠶᠠᠷ ᠬᠤᠷᠢᠭ᠎ᠠ ᠱᠤᠭᠤᠮ︾ ᠢ ᠪᠠᠲᠤ ᠰᠠᠬᠢᠨ᠎ᠠ᠃ | ᠭᠤᠷᠪᠠ ᠳᠤ᠂ ᠣᠶᠤᠨᠴᠢ ᠲᠠᠷᠢᠶᠠᠯᠠᠩ ᠤᠨ ᠬᠥᠭᠵᠢᠯᠲᠡ ᠶᠢ ᠶᠡᠭᠡ ᠪᠠᠷ ᠠᠬᠢᠭᠤᠯᠤᠨ᠎ᠠ᠃ ᠳᠥᠷᠪᠡ ᠳᠤ᠂ ᠰᠢᠶᠠᠨ ᠤ ᠬᠡᠪᠴᠢᠶᠡᠨ ᠤ ᠲᠣᠭᠠᠴᠢᠯᠠᠭᠰᠠᠨ ᠠᠵᠤ | ᠠᠬᠤᠶ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠠᠪᠤ ᠳᠤ᠂ ᠬᠥᠳᠡᠭᠡ ᠲᠣᠰᠬᠤᠨ ᠤ ᠲᠣᠭᠠᠴᠢᠯᠠᠭᠰᠠᠨ ᠰᠣᠶᠣᠯ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠨ᠎ᠠ᠃ ᠵᠢᠷᠭᠤᠭ᠎ᠠ ᠳᠤ᠂ ᠬᠥᠳᠡᠭᠡ ᠲᠣᠰᠬᠤᠨ ᠤ ᠲᠣᠭᠠᠴᠢᠯᠠᠭᠰᠠᠨ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠬᠦᠯᠦᠨ᠎ᠠ᠃ ᠲᠤᠯᠤᠭ᠎ᠠ ᠳᠤ᠂ ᠬᠥᠳᠡᠭᠡ | ᠲᠣᠰᠬᠤᠨ ᠤ ᠲᠣᠭᠠᠴᠢᠯᠠᠭᠰᠠᠨ ᠲᠦᠭᠡᠮᠡᠯ ᠬᠠᠷᠠᠭᠠᠯᠵᠠᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠨᠠᠢᠮᠠ ᠳᠤ᠂ ᠣᠶᠣᠨᠲᠣ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠶᠢᠰᠦ ᠳᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠤᠨ᠎ᠠ᠃ | ᠪᠣᠳᠠᠲᠠᠶ ᠪᠠᠭᠲᠠᠬᠤ ᠨᠢ᠄ | ᠬᠡᠷᠡᠭᠴᠡᠭᠡ ᠶᠣᠰᠣᠭᠠᠷ ᠬᠥᠳᠡᠭᠡ ᠲᠣᠰᠬᠤᠨ ᠤ 5G ᠶᠢᠨ ᠲᠣᠣᠷ ᠰᠦᠯᠵᠢᠶ᠎ᠡ ᠪᠠ ᠮᠢᠩᠭᠠᠨ ᠮᠧᠭ᠎ᠠ ᠭᠡᠷᠡᠯ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠥᠳᠡᠭᠡ ᠲᠣᠰᠬᠤᠨ ᠤ ᠦᠢᠯᠡᠳᠪᠦᠷᠢᠯᠡᠯ ᠠᠵᠢᠯᠯᠠᠭᠠᠨ ᠤ ᠲᠣᠭᠤᠷᠢᠭ᠂ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ | ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠲᠣᠣᠷ ᠰᠦᠯᠵᠢᠶᠡᠨ ᠤ ᠬᠠᠮᠤᠷᠬᠤ ᠭᠦᠨᠴᠡ ᠶᠢ ᠳᠡᠭᠡᠭᠰᠢᠯᠡᠭᠦᠯᠦᠨ᠎ᠡ᠃ ᠠᠷᠪᠠᠳᠤᠭᠠᠷ ᠪᠦᠯᠦᠭ ᠴᠠᠬᠢᠯᠭᠠᠨ | ᠬᠤᠯᠪᠣᠭᠠᠨ ᠤ ᠨᠡᠶᠢᠳᠡᠮ ᠦᠢᠯᠡᠴᠢᠯᠡᠭᠡᠨ ᠢ ᠬᠡᠷᠡᠭᠵᠢᠭᠦᠯᠵᠦ᠂ ︽ᠥᠷᠭᠡᠨ ᠪᠦᠰᠡᠲᠦ ᠬᠢᠯᠢ ᠬᠢᠵᠠᠭᠠᠷ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠦᠬᠦ | ᠤᠯᠤᠰ ᠲᠤ ᠥᠷᠭᠡᠨ ᠪᠦᠰᠡᠲᠦ ᠵᠠᠰᠠᠭ ᠵᠠᠬᠢᠷᠭᠠᠨ ᠤ ᠲᠣᠰᠬᠤᠨ ᠢ ᠬᠥᠳᠡᠯᠦᠩᠭᠦᠶ ᠪᠠᠷ ᠦᠭᠡᠶᠢᠰᠬᠡᠬᠦ ᠶᠢ ᠪᠠᠲᠤᠯᠠᠬᠤ ᠬᠡᠷᠡᠭᠲᠡᠶ᠃ ᠤᠲᠠᠰᠤᠲᠤ ᠲᠧᠯᠸᠢᠰ ᠤᠨ | ᠰᠦᠯᠵᠢᠶᠡᠨ ᠤ ᠲᠠᠰ ᠳᠡᠪᠰᠢᠭᠦᠯᠦᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠷᠠᠳᠢᠣ᠋ ᠲᠧᠯᠸᠢᠰ ᠤᠨ ᠰᠢᠭᠤᠳ ᠨᠡᠪᠲᠡᠷᠡᠭᠦᠯᠭᠡ ᠶᠢᠨ ᠳᠠᠭᠠᠭᠤᠯᠢ ᠣᠳᠣᠨ ᠤ | ᠥᠨᠳᠥᠷ ᠲᠤᠳᠤᠷᠠᠴᠠᠲᠤ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠲᠦᠷᠭᠡᠳᠬᠡᠨ᠂ ᠥᠨᠳᠥᠷ ᠲᠤᠳᠤᠷᠠᠴᠠᠲᠤ ᠬᠡᠲᠦ ᠥᠨᠳᠥᠷ ᠲᠤᠳᠤᠷᠠᠴᠠᠲᠤ ᠲᠧᠯᠸᠢᠰ ᠤᠨ | ᠫᠷᠤᠭ᠍ᠷᠠᠮ ᠢ ᠲᠣᠰᠬᠤᠨ ᠡᠷᠦᠬᠡ ᠳᠤ ᠣᠷᠣᠭᠤᠯᠬᠤ ᠶᠢ ᠠᠬᠢᠭᠤᠯᠤᠨ᠎ᠠ᠃ ᠰᠦᠯᠵᠢᠶᠡᠨ ᠤ ᠠᠮᠤᠷ ᠲᠦᠪᠰᠢᠨ ᠢ ᠰᠢᠮᠳᠠᠭᠤᠯᠤᠨ ᠪᠠᠶᠢᠴᠠᠭᠠᠬᠤ ᠲᠤᠰᠬᠠᠶ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠲᠠᠷᠢᠶᠠᠯᠠᠩ ᠳᠤ ᠬᠤᠯᠪᠣᠭᠳᠠᠬᠤ ᠭᠤᠤᠯᠳᠠᠯᠭ᠎ᠠ ᠲᠠᠢ ᠰᠦᠯᠵᠢᠶᠡᠨ ᠥᠷᠲᠡᠭᠡ ᠪᠠ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ | ᠰᠢᠰᠲ᠋ᠧᠮ ᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠤᠯᠤᠰ ᠤᠨ ᠰᠣᠶᠣᠯ ᠤᠨ ᠲᠤᠰᠬᠠᠶ ᠰᠦᠯᠵᠢᠶ᠎ᠡ ᠪᠠ ᠰᠣᠶᠣᠯ ᠤᠨ ᠳ᠋ᠠᠶᠢᠲ᠋ᠠ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠦᠨᠳᠦᠰᠦᠨ ᠱᠠᠲᠤᠨ ᠤ ᠣᠯᠠᠨ ᠨᠡᠶᠢᠲᠡ ᠶᠢᠨ ᠲᠣᠭᠠᠴᠢᠯᠠᠭᠰᠠᠨ ᠰᠣᠶᠣᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠰᠢᠯᠢᠳᠡᠭᠵᠢᠭᠦᠯᠦᠨ᠂ ᠬᠥᠳᠡᠭᠡ | ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠨᠡᠶᠢᠳᠡᠮ ᠠᠰᠢᠭ ᠬᠦᠷᠲᠡᠭᠡᠬᠦ ᠬᠡᠷᠡᠭᠯᠡᠭᠡᠨ ᠢ ᠠᠬᠢᠭᠤᠯᠤᠨ᠎ᠠ᠃ ᠣᠷᠣᠨ ᠨᠤᠲᠤᠭ ᠤᠨ ᠪᠥᠬᠦ | ᠤᠯᠤᠰ ᠤᠨ ᠤᠶᠤᠨᠲᠤ ᠨᠣᠮ ᠤᠨ ᠰᠠᠩ ᠤᠨ ᠲᠣᠭᠲᠠᠯᠴᠠᠭ᠎ᠠ ᠪᠠ ᠣᠯᠠᠨ ᠨᠡᠶᠢᠲᠡ ᠶᠢᠨ ᠰᠣᠶᠣᠯ ᠤᠨ ᠡᠭᠦᠯᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠬᠦ ᠶᠢ ᠦᠷᠭᠦᠯᠵᠢᠯᠡᠨ ᠳᠡᠮᠵᠢᠵᠦ᠂ ᠣᠯᠠᠨ ᠨᠡᠶᠢᠲᠡ ᠶᠢᠨ ᠲᠣᠭᠠᠴᠢᠯᠠᠭᠰᠠᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ | ᠲᠣᠰᠬᠤᠨ ᠳᠤ ᠬᠠᠨᠳᠤᠭᠤᠯᠤᠭᠰᠠᠨ ᠰᠣᠶᠣᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠣᠶᠣᠨᠲᠤ ᠷᠠᠳᠢᠣ᠋ ᠲᠧᠯᠸᠢᠰ ᠤᠨ ᠦᠢᠯᠡᠴᠢᠯᠡᠭᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠶᠤᠨᠲᠤ ᠷᠠᠳᠢᠣ᠋ ᠲᠧᠯᠸᠢᠰ ᠤᠨ ᠬᠥᠳᠡᠭᠡ ᠲᠣᠰᠬᠤᠨ ᠤ ᠢᠨᠵᠧᠨᠧᠷᠢᠩ ᠤᠨ ᠲᠤᠷᠰᠢᠯᠲᠠ ᠶᠢᠨ ᠴᠡᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ ᠬᠥᠳᠡᠭᠡ ᠲᠣᠰᠬᠤᠨ ᠤ ᠭᠠᠵᠠᠷ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠳᠤᠲᠠᠭᠤᠳᠠᠯ ᠢ | ᠲᠦᠷᠭᠡᠨ ᠨᠥᠬᠦᠪᠦᠷᠢᠯᠡᠨ᠎ᠡ᠃ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠪᠠ ᠪᠦᠲᠦᠭᠡᠯ ᠤᠨ | ᠳᠡᠮᠵᠢᠯᠭᠡ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠰᠦᠯᠵᠢᠶᠡᠨ ᠤ ᠰᠣᠶᠣᠯ ᠤᠨ ᠴᠢᠨᠠᠷ ᠰᠠᠶᠢᠲᠠᠢ ᠠᠭᠤᠯᠭ᠎ᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ | ᠨᠠᠰᠤᠲᠠᠶᠢᠴᠤᠳ᠂ ᠵᠡᠮᠳᠡᠭᠴᠦᠳ ᠵᠡᠷᠭᠡ ᠬᠥᠮᠦᠰ ᠲᠤ ᠨᠢᠭᠲᠠ ᠬᠤᠯᠪᠣᠭᠳᠠᠬᠤ ᠢᠨᠲ᠋ᠧᠷ ᠰᠦᠯᠵᠢᠶᠡᠨ ᠤ ᠰᠦᠯᠵᠢᠶ᠎ᠡ᠂ ᠭᠠᠷ ᠤᠲᠠᠰᠤᠨ ᠤ ᠬᠡᠷᠡᠭᠯᠡᠭᠡᠨ ᠤ | ᠫᠷᠤᠭ᠍ᠷᠠᠮ ︵APP︶ ᠵᠢᠴᠢ ᠵᠢᠵᠢᠭ ᠫᠷᠤᠭ᠍ᠷᠠᠮ ᠢ ᠨᠠᠰᠤᠲᠠᠨ ᠳᠤ ᠳᠣᠭᠢᠷᠠᠬᠤ ᠵᠢᠴᠢ ᠰᠠᠭᠠᠳ ᠥᠬᠡᠶ ᠪᠠᠶᠢᠯᠭᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠰᠠᠭᠠᠳ ᠥᠬᠡᠶ ᠦᠢᠯᠡᠳᠬᠦᠨ ᠪᠠ ᠦᠢᠯᠡᠴᠢᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠦᠷᠭᠡᠳᠬᠡᠨ᠎ᠡ᠃ ᠲᠠᠷᠢᠶᠠᠴᠢᠳ ᠤᠨ ᠭᠠᠷ ᠤᠲᠠᠰᠤᠨ ᠤ | ᠬᠡᠷᠡᠭᠯᠡᠭᠡᠨ ᠤ ᠤᠷ᠎ᠠ ᠴᠢᠳᠠᠪᠤᠷᠢ᠂ ᠰᠦᠯᠵᠢᠶᠡᠨ ᠤ ᠠᠮᠤᠷ ᠲᠦᠪᠰᠢᠨ ᠢ ᠬᠥᠳᠡᠭᠡ ᠲᠣᠰᠬᠤᠨ ᠳᠤ ᠣᠷᠣᠭᠤᠯᠬᠤ ᠵᠡᠷᠭᠡ ᠪᠣᠯᠪᠠᠰᠤᠷᠠᠯ ᠤᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠲᠠᠷᠢᠶᠠᠴᠢᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃ | |